ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠭᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ | ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ︽ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠬᠠᠮᠢᠶᠠᠷᠬᠤ ᠬᠤᠯᠪᠣᠭᠳᠠᠯ ᠪᠥᠬᠦᠶ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠲᠠᠷᠬᠠᠭᠠᠭᠰᠠᠨ ︹2020︺ 50 ᠳ᠋ᠤᠭᠠᠷ ᠲᠣᠭᠠᠲᠤ︶᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ | ᠮᠠᠭᠠᠳᠯᠠᠨ ᠲᠣᠭᠲᠠᠭᠠᠬᠤ ᠠᠷᠭ᠎ᠠ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠠᠯᠪᠠᠨ ᠬᠡᠷ ᠤᠨ ᠲᠠᠷᠬᠠᠭᠠᠭᠰᠠᠨ ︹2020︺ 58 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠳᠦᠭᠡ ᠨᠡᠶᠢᠭᠡᠮ ᠳᠤ ᠬᠠᠨᠳᠤᠭᠤᠯᠤᠨ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠶᠢᠨ ᠠᠵᠢᠯᠲᠠᠨ ᠢ ᠢᠯᠡ ᠪᠠᠷ ᠡᠯᠰᠡᠪᠡ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠡᠯᠰᠡᠬᠦ ᠵᠠᠷᠴᠢᠮ ᠵᠢᠴᠢ ᠣᠷᠣᠨ ᠲᠤᠭ᠎ᠠ | ︽ᠢᠯᠡ᠂ ᠲᠥᠪ ᠭᠤᠣᠯᠴᠢ᠂ ᠡᠷᠬᠡ ᠲᠡᠭᠰᠢ᠂ ᠰᠢᠯᠢᠳᠡᠭ ᠢ ᠰᠣᠩᠭᠤᠬᠤ︾ ᠵᠠᠷᠴᠢᠮ ᠢ ᠪᠠᠷᠢᠮᠲᠠᠯᠠᠵᠤ᠂ | ᠯᠢᠶᠠᠩᠴᠧᠩ ᠰᠢᠶᠠᠨ ᠳᠤ ᠬᠠᠨᠳᠤᠭᠤᠯᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ 120 | ᠠᠵᠢᠯᠲᠠᠨ ᠢ ᠢᠯᠡ ᠪᠠᠷ ᠡᠯᠰᠡᠨ᠎ᠡ᠃ | ᠬᠤᠶᠠᠷ᠂ ᠤᠷᠢᠬᠤ ᠬᠡᠪᠴᠢᠶ᠎ᠡ ᠵᠢᠴᠢ ᠨᠥᠬᠦᠴᠡᠯ | ︵ᠨᠢᠭᠡ︶ ᠤᠷᠢᠬᠤ ᠬᠡᠪᠴᠢᠶ᠎ᠡ | ᠠᠵᠢᠯᠲᠠᠨ ᠡᠯᠰᠡᠬᠦ ᠳᠤ ᠡᠷᠬᠡᠪᠰᠢ ᠨᠢᠭᠡᠨᠲᠡ ᠮᠠᠭᠠᠳᠯᠠᠨ ᠲᠣᠭᠲᠠᠭᠠᠭᠰᠠᠨ ᠠᠵᠢᠯ ᠤᠯᠬᠤ ᠳᠤ ᠬᠦᠴᠢᠷᠲᠡᠶ | ᠬᠥᠮᠦᠰ᠂ ᠲᠤᠬᠠᠶᠢᠯᠠᠪᠠᠯ ᠮᠠᠨ ᠤ ᠰᠢᠶᠠᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠦᠰ ᠤᠨ ᠳᠣᠲᠣᠷᠠᠬᠢ | ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ | ᠠᠵᠢᠯ ᠤᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠯᠲᠠ ᠶᠢᠨ ᠳᠡᠩᠰᠡᠯᠡᠯᠲᠡ ᠬᠢᠭᠰᠡᠨ ᠳᠣᠤᠷᠠᠬᠢ 6 | ᠲᠥᠷᠥᠯ ᠤᠨ ᠬᠥᠮᠦᠰ ᠪᠣᠯᠤᠨ᠎ᠠ᠄ | 1. ᠥᠨᠳᠥᠷ ᠨᠠᠰᠤᠨ ᠤ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠤ ᠵᠠᠯᠭᠠᠭᠠᠪᠠᠷ 6 ᠰᠠᠷ᠎ᠠ ᠠᠴᠠ | ᠳᠡᠭᠡᠭᠰᠢ ᠰᠠᠭᠤᠵᠤ ᠪᠠᠶᠢᠬᠤ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ | ᠣᠷᠣᠯᠴᠠᠭᠰᠠᠨ 1 ᠵᠢᠯ ᠠᠴᠠ ᠳᠡᠭᠡᠭᠰᠢᠬᠢ ᠡᠮᠡᠭᠲᠡᠶ ᠪᠦᠬᠦᠯᠢ 40 ᠨᠠᠰᠤ᠂ ᠡᠷᠡᠭᠲᠡᠶ ᠪᠦᠬᠦᠯᠢ 50 ᠨᠠᠰᠤᠨ ᠠᠴᠠ | ᠳᠡᠭᠡᠭᠰᠢᠬᠢ ᠠᠵᠢᠯ ᠠᠯᠳᠠᠭᠰᠠᠳ ᠢ ᠵᠢᠭᠠᠵᠤ ᠪᠤᠶ᠃ | 2. ᠵᠡᠮᠳᠡᠭ ᠬᠥᠮᠦᠰ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠦᠨ ᠤ | ᠦᠨᠡᠮᠯᠡᠯ︾ ᠲᠠᠢ ᠵᠡᠮᠳᠡᠭᠴᠦᠳ ᠢ ᠵᠢᠭᠠᠵᠤ ᠪᠤᠶ᠃ | ᠣᠯᠳᠠᠪᠤᠷᠢ ᠦᠭᠡᠢ ᠠᠵᠢᠯ ᠣᠯᠣᠭᠰᠠᠨ ᠭᠡᠷ ᠪᠦᠯᠢ ᠶᠢᠨ ᠪᠦᠷᠢᠯᠳᠦᠭᠦᠨ ᠦᠭᠡᠢ᠃ ᠠᠳᠠᠯᠢ ᠨᠢᠭᠡᠨ ᠭᠡᠷ | ᠪᠦᠯᠢ ᠶᠢᠨ ᠡᠷᠦᠬᠡ ᠠᠮᠠ ᠳᠤ 2 ᠨᠡᠷ᠎ᠡ ᠵᠢᠴᠢ 2 ᠠᠴᠠ ᠳᠡᠭᠡᠭᠰᠢ ᠬᠠᠮᠲᠤ ᠶᠢᠨ ᠠᠮᠢᠳᠤᠷᠠᠯ ᠤᠨ ᠪᠦᠷᠢᠯᠳᠦᠬᠦᠨ | ᠪᠠᠶᠢᠬᠤ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ | ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠨᠢ ᠴᠥᠮ ᠠᠵᠢᠯ ᠠᠯᠳᠠᠯᠲᠠ ᠶᠢᠨ ᠳᠠᠩᠰᠠᠯᠠᠯ ᠬᠢᠬᠦ ᠮᠥᠷᠲᠡᠭᠡᠨ | ᠡᠵᠡᠩᠨᠡᠯᠲᠡ ᠶᠢᠨ ᠴᠢᠨᠠᠷᠲᠠᠶ ᠪᠠ ᠪᠡᠯᠡ ᠣᠷᠣᠭᠤᠯᠤᠯᠲᠠ ᠶᠢᠨ ᠴᠢᠨᠠᠷᠲᠠᠶ ᠣᠷᠣᠯᠭ᠎ᠠ ᠦᠭᠡᠶ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠭᠡᠷ ᠪᠦᠯᠢ ᠶᠢᠨ ᠪᠦᠷᠢᠯᠳᠦᠬᠦᠨ ᠢ ᠵᠢᠭᠠᠵᠤ ᠪᠤᠶ᠃ | 4. ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠵᠠᠰᠠᠭ ᠤᠨ ᠣᠷᠳᠣᠨ ᠳᠤ ᠬᠠᠤᠯᠢ ᠶᠣᠰᠣᠭᠠᠷ ᠨᠢᠭᠡᠳᠦᠯᠲᠡᠶ ᠭᠠᠵᠠᠷ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ | ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠬᠠᠳᠤᠯᠠᠩ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠡᠮᠡᠭᠲᠡᠶ | ᠪᠦᠬᠦᠯᠢ 40 ᠨᠠᠰᠤ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠲᠠᠷᠢᠶᠠᠴᠢᠨ ᠮᠠᠯᠴᠢᠳ ᠢ ᠵᠢᠭᠠᠵᠤ ᠪᠤᠶ᠃ | ᠶᠠᠭ ᠬᠦᠷᠲᠡᠵᠦ ᠪᠠᠶᠢᠭ᠎ᠠ ᠭᠠᠵᠠᠷ ᠲᠠᠲᠠᠪᠤᠷᠢᠯᠠᠬᠤ ᠨᠥᠬᠦᠪᠥᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠶ ᠶᠢᠨ | ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠣᠯᠤᠭᠰᠠᠨ ᠬᠥᠮᠦᠰ | ᠲᠤᠰ ᠲᠥᠷᠥᠯ ᠤᠨ ᠬᠥᠮᠦᠰ ᠤᠨ ᠬᠡᠪᠴᠢᠶ᠎ᠡ ᠳᠤ ᠪᠠᠶᠢᠬᠤ ᠦᠭᠡᠶ᠃ | 5. ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠣᠯᠭᠤᠮᠵᠢ ᠬᠦᠷᠲᠡᠵᠦ ᠪᠠᠶᠢᠭ᠎ᠠ ᠮᠥᠷᠲᠡᠭᠡᠨ ᠦᠷᠭᠦᠯᠵᠢᠯᠡᠨ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ 1 | ᠵᠢᠯ ᠠᠴᠠ ᠳᠡᠭᠡᠭᠰᠢ ᠡᠮᠡᠭᠲᠡᠶ ᠪᠦᠬᠦᠯᠢ 35 ᠨᠠᠰᠤ ᠬᠦᠷᠦᠭᠰᠡᠨ᠂ ᠡᠷᠡᠭᠲᠡᠶ ᠪᠦᠬᠦᠯᠢ 45 ᠨᠠᠰᠤᠨ ᠤ ᠠᠵᠢᠯ | ᠠᠯᠳᠠᠭᠰᠠᠳ ᠢ ᠵᠢᠭᠠᠵᠤ ᠪᠤᠶ᠃ | 6. ᠠᠵᠢᠯ ᠣᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠨ᠃ ᠰᠤᠷᠭᠠᠭᠤᠯᠢ ᠠᠴᠠ ᠪᠠᠨ 2 ᠵᠢᠯ | ᠵᠢᠴᠢ ᠲᠡᠭᠦᠨ ᠠᠴᠠ ᠳᠡᠭᠡᠭᠰᠢ ᠶᠡᠷᠦ ᠠᠴᠠ ᠠᠵᠢᠯ ᠣᠯᠤᠭᠰᠠᠨ ᠦᠭᠡᠶ ᠳᠡᠭᠡᠳᠦ ᠰᠤᠷᠭᠠᠭᠤᠯᠢ ᠲᠡᠭᠦᠰᠦᠭᠰᠡᠳ ︵ | ᠳᠡᠭᠡᠳᠦ ᠰᠤᠷᠭᠠᠭᠤᠯᠢ ᠲᠡᠭᠦᠰᠦᠭᠰᠡᠳ ᠨᠢ ᠭᠤᠤᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢᠳ ᠢ ᠵᠢᠭᠠᠵᠤ ᠪᠤᠶ︶᠃ | ᠭᠤᠷᠪᠠ᠂ ᠠᠵᠢᠯ ᠤᠨ ᠪᠠᠶᠢᠷᠢ ᠶᠢᠨ ᠣᠯᠭᠤᠮᠵᠢ | ︵ᠨᠢᠭᠡ︶ ᠨᠥᠬᠦᠪᠥᠷᠢ ᠶᠢᠨ ᠪᠠᠷᠢᠮᠵᠢᠶ᠎ᠠ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ | ᠨᠡᠭᠡᠭᠡᠨ ᠬᠥᠭᠵᠢᠭᠦᠯᠵᠦ ᠠᠵᠢᠯ ᠤᠯᠬᠤ ᠳᠤ ᠬᠦᠴᠢᠷᠲᠡᠶ ᠬᠥᠮᠦᠰ ᠢ ᠲᠥᠪᠬᠢᠨᠡᠭᠦᠯᠵᠦ ᠪᠠᠶᠢᠭ᠎ᠠ ᠬᠥᠮᠦᠨ ᠬᠡᠷᠡᠭᠯᠡᠬᠦ | ᠨᠢᠭᠡᠴᠡ ᠳᠤ ᠠᠵᠢᠯ ᠤᠨ ᠪᠠᠶᠢᠷᠢ ᠶᠢᠨ ᠨᠥᠬᠦᠪᠥᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ | ︵ᠬᠤᠶᠠᠷ︶ ᠨᠥᠬᠦᠪᠥᠷᠢ ᠥᠭᠬᠦ ᠬᠤᠭᠤᠴᠠᠭ᠎ᠠ ᠬᠢᠵᠠᠭᠠᠷ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢᠨ ᠨᠥᠬᠦᠪᠥᠷᠢ ᠥᠭᠬᠦ ᠬᠤᠭᠤᠴᠠᠭ᠎ᠠ ᠬᠢᠵᠠᠭᠠᠷ ᠢ 3 ᠵᠢᠯ ᠠᠴᠠ ᠬᠡᠲᠦᠷᠡᠭᠦᠯᠵᠦ ᠪᠣᠯᠬᠤ ᠦᠭᠡᠶ᠂ ᠠᠩᠬ᠎ᠠ | ᠤᠳᠠᠭ᠎ᠠ ᠠᠵᠢᠯ ᠤᠨ ᠪᠠᠶᠢᠷᠢ ᠳᠤ ᠭᠠᠷᠴᠤ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠠᠴᠠ 5 ᠵᠢᠯ ᠬᠦᠷᠬᠦ ᠦᠭᠡᠢ | ᠬᠥᠮᠦᠰ ᠢ ᠠᠵᠢᠯ ᠠᠴᠠ ᠪᠠᠨ ᠪᠠᠭᠤᠵᠤ ᠠᠮᠠᠷᠠᠬᠤ ᠬᠦᠷᠲᠡᠯ᠎ᠡ ᠤᠷᠲᠤᠳᠬᠠᠵᠤ ᠪᠣᠯᠤᠨ᠎ᠠ᠃ | ᠳᠥᠷᠪᠡ᠂ ᠡᠯᠰᠡᠨ ᠤᠷᠢᠬᠤ ᠴᠤᠪᠤᠷᠠᠯ | ︵ᠨᠢᠭᠡ︶ ᠨᠡᠷ᠎ᠡ ᠮᠡᠳᠡᠭᠦᠯᠬᠦ ᠴᠠᠭ᠄ 2025 ᠣᠨ ᠤ 1 ᠰᠠᠷ᠎ᠠ ᠶᠢᠨ 6 ᠤ ᠡᠳᠦᠷ ᠤᠨ 9᠄ 00 ᠠᠴᠠ 1 | ᠰᠠᠷ᠎ᠠ ᠶᠢᠨ 25 ᠤ ᠡᠳᠦᠷ ᠤᠨ 18᠄ 00 ᠪᠣᠯᠲᠠᠯ᠎ᠠ᠂ ᠨᠡᠷ᠎ᠡ ᠮᠡᠳᠡᠭᠦᠯᠬᠦ ᠴᠠᠭ ᠢ ᠴᠢᠩᠭ᠎ᠠ ᠵᠢᠷᠤᠮᠯᠠᠨ ᠨᠡᠷ᠎ᠡ | ᠮᠡᠳᠡᠭᠦᠯᠵᠦ᠂ ᠬᠤᠭᠤᠴᠠᠭ᠎ᠠ ᠬᠡᠲᠦᠷᠡᠭᠦᠯᠦᠨ ᠬᠦᠯᠢᠶᠡᠬᠦ ᠥᠬᠡᠶ ᠪᠠᠶᠢᠭᠠᠷᠠᠢ᠃ | ︵ᠬᠤᠶᠠᠷ︶ ᠨᠡᠷ᠎ᠡ ᠮᠡᠳᠡᠭᠦᠯᠬᠦ ᠭᠠᠵᠠᠷ᠄ | ᠯᠢᠶᠠᠩᠴᠧᠩ ᠰᠢᠶᠠᠨ ᠤ ᠠᠵᠢᠯ ᠣᠯᠬᠤᠯᠲᠠ ᠶᠢᠨ ᠤᠶᠢᠯᠡᠴᠢᠯᠡᠭᠡᠨ ᠤ ᠲᠥᠪ ᠤᠨ 404 ᠭᠡᠷ᠃ | ︵ᠭᠤᠷᠪᠠ︶ ᠬᠢᠷᠢ ᠬᠡᠮ ᠤᠨ ᠬᠢᠨᠠᠨ ᠪᠠᠶᠢᠴᠠᠭᠠᠯᠲᠠ᠄ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠬᠢᠷᠢ ᠬᠡᠮ ᠢ ᠬᠢᠨᠠᠨ ᠬᠠᠷᠭᠤᠭᠤᠯᠪᠠ᠃ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠢ | ᠪᠦᠬᠦ᠋ᠢᠯᠡ ᠠᠵᠢᠯᠲᠠᠨ ᠡᠯᠰᠡᠬᠦ ᠪᠦᠬᠦ ᠶᠠᠪᠤᠴᠠ ᠳᠤ ᠲᠤᠤᠱᠯᠠᠭᠤᠯᠪᠠ᠃ ᠲᠤᠰᠢᠶᠠᠭᠰᠠᠨ ᠮᠠᠲ᠋ᠧᠷᠢᠶᠠᠯ ᠨᠢ ᠬᠤᠳᠠᠯ | ᠬᠡᠯᠡᠵᠦ ᠬᠠᠭᠤᠷᠮᠠᠭᠯᠠᠬᠤ ᠪᠣᠯ᠂ ᠡᠯᠰᠡᠨ ᠤᠷᠢᠬᠤ ᠬᠢᠷᠢ ᠭᠡᠮ ᠢ ᠨᠢ ᠴᠥᠮ ᠬᠦᠴᠦᠨ ᠦᠭᠡᠶ ᠪᠣᠯᠭᠠᠨ᠎ᠠ᠃ | ᠠᠵᠢᠯᠲᠠᠨ ᠤ ᠬᠢᠷᠢ ᠭᠡᠮ ᠢ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ᠂ ᠬᠥᠮᠦᠨ ᠬᠡᠷᠡᠭᠯᠡᠬᠦ ᠨᠢᠭᠡᠴᠡ ᠠᠴᠠ | ᠬᠠᠷᠢᠭᠤᠴᠠᠵᠤ ᠪᠠᠶᠢᠭᠠᠳ ᠨᠢᠭᠤᠷᠳᠠᠨ ᠰᠢᠯᠭᠠᠯᠲᠠ ᠶᠢ ᠵᠣᠬᠢᠶᠠᠨ ᠪᠠᠶᠢᠭᠤᠯᠵᠤ᠂ ᠤᠷᠢᠵᠤ ᠬᠡᠷᠡᠭᠯᠡᠬᠦ ᠪᠠᠷ ᠪᠠᠶᠢᠭ᠎ᠠ | ᠬᠥᠮᠦᠰ ᠢ ᠲᠣᠭᠲᠠᠭᠠᠬᠤ ᠬᠡᠷᠡᠭᠲᠡᠶ᠃ | ︵ᠲᠦᠷᠪᠡ︶ ᠵᠠᠷᠯᠠᠨ ᠨᠡᠶᠢᠲᠡᠯᠡᠬᠦ ᠵᠢᠴᠢ ᠬᠠᠮᠢᠶᠠᠷᠬᠤ | 1. ᠢᠯᠡ ᠨᠡᠶᠢᠲᠡᠯᠡᠬᠦ | ᠬᠥᠮᠦᠨ ᠬᠡᠷᠡᠭᠯᠡᠬᠦ ᠨᠢᠭᠡᠴᠡ ᠶᠢᠨ ᠲᠣᠭᠲᠠᠭᠠᠭᠰᠠᠨ ᠤᠷᠢᠵᠤ ᠬᠡᠷᠡᠭᠯᠡᠬᠦ ᠬᠥᠮᠦᠰ ᠢ ᠠᠵᠢᠯ ᠣᠯᠭᠤᠬᠤ | ᠦᠢᠯᠡᠴᠢᠯᠡᠭᠡᠨ ᠤ ᠲᠥᠪ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ᠵᠠᠷᠯᠠᠨ ᠨᠡᠶᠢᠲᠡᠯᠡᠵᠦ᠂ ᠨᠡᠶᠢᠲᠡ ᠳᠤ | ᠵᠠᠷᠯᠠᠬᠤ ᠳᠤ ᠣᠨᠳᠣᠤ ᠰᠠᠨᠠᠯ ᠥᠬᠡᠶ ᠪᠠ ᠬᠥᠮᠦᠨ ᠬᠡᠷᠡᠭᠯᠡᠬᠦ ᠨᠢᠭᠡᠴᠡ ᠲᠠᠢ ᠬᠡᠯᠡᠯᠴᠡᠭᠡᠷ ᠲᠣᠭᠲᠠᠭᠠᠨ᠎ᠠ᠃ | 2. ᠬᠠᠮᠢᠶᠠᠷᠤᠯᠲᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ︽ᠬᠡᠨ ᠬᠡᠷᠡᠭᠯᠡᠭᠰᠡᠨ ᠪᠣᠯ ᠲᠡᠷᠡ ᠬᠠᠮᠢᠶᠠᠷᠴᠤ᠂ | ᠲᠡᠷᠡ ᠬᠠᠷᠢᠭᠤᠴᠠᠬᠤ︾ ᠵᠠᠷᠴᠢᠮ ᠢ ᠵᠢᠷᠤᠮᠯᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢᠨ ᠠᠵᠢᠯᠲᠠᠨ ᠤᠷᠢᠵᠤ ᠬᠡᠷᠡᠭᠯᠡᠬᠦ ᠬᠤᠭᠤᠴᠠᠭᠠᠨ ᠳᠤ ᠬᠡᠷᠪᠡ ᠠᠵᠢᠯ ᠤᠨ ᠪᠠᠶᠢᠷᠢ ᠶᠢᠨ ᠠᠵᠢᠯ ᠡᠭᠦᠷᠭᠡᠯᠡᠵᠦ | ᠳᠡᠶᠢᠯᠬᠦ ᠦᠭᠡᠶ ᠪᠤᠶᠤ ᠳᠦᠷᠢᠮ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠵᠦ᠂ ᠲᠣᠭᠲᠠᠭᠠᠯ ᠪᠠ ᠰᠠᠬᠢᠯᠭ᠎ᠠ | ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ | ᠰᠢᠶ᠋ᠳᠪᠦᠷᠢᠯᠡᠬᠦ ᠶᠢᠨ ᠬᠠᠮᠲᠤ᠂ ᠬᠥᠮᠦᠨ ᠬᠡᠷᠡᠭᠯᠡᠬᠦ ᠨᠢᠭᠡᠴᠡ ᠠᠴᠠ ᠵᠥᠪᠳᠡᠯᠴᠡᠬᠡᠷ ᠢᠶᠠᠨ ᠬᠦᠴᠦᠨ ᠦᠭᠡᠶ | ᠪᠣᠯᠭᠠᠬᠤ ᠶᠢᠨ ᠬᠠᠮᠲᠤ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ | ᠠᠵᠢᠯ ᠤᠨ ᠪᠠᠶᠢᠷᠢ ᠶᠢᠨ ᠨᠥᠬᠦᠪᠥᠷᠢ ᠵᠢᠴᠢ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠬᠤ ᠶᠢ ᠨᠢ | ᠵᠣᠭᠰᠣᠭᠠᠬᠤ ᠬᠡᠷᠡᠭᠲᠡᠶ᠃ | ᠲᠠᠪᠤ᠂ ᠪᠤᠰᠤᠳ ᠵᠦᠢᠯ | 1. ᠲᠣᠰ ᠤᠳᠠᠭᠠᠨ ᠤ ᠠᠵᠢᠯᠲᠠᠨ ᠡᠯᠰᠡᠬᠦ ᠬᠠᠮᠢᠶ᠎ᠠ ᠪᠥᠬᠦᠶ ᠮᠡᠳᠡᠭᠡ ᠵᠠᠩᠭᠢ ᠶᠢ ᠠᠵᠢᠯ ᠣᠯᠭᠤᠬᠤ | ᠦᠢᠯᠡᠴᠢᠯᠡᠭᠡᠨ ᠤ ᠲᠥᠪ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ᠨᠡᠶᠢᠲᠡᠯᠡᠪᠡ᠃ ᠤᠷᠢᠭᠳᠠᠭᠰᠠᠳ ᠳᠡᠭᠡᠷ᠎ᠡ | ᠳᠤᠷᠠᠳᠤᠭᠰᠠᠨ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢ ᠴᠠᠭ ᠲᠤᠬᠠᠢ ᠳᠤ ᠨᠢ ᠠᠩᠬᠠᠷᠴᠤ᠃ | 2. ᠨᠡᠷ᠎ᠡ ᠮᠡᠳᠡᠭᠦᠯᠬᠦ ᠳᠡᠭᠡᠨ ᠣᠨᠣᠪᠴᠢᠲᠠᠶ ᠬᠠᠷᠢᠯᠴᠠᠬᠤ ᠤᠲᠠᠰᠤ ᠶᠢ ᠲᠠᠭᠯᠠᠨ ᠪᠢᠴᠢᠬᠦ ᠶᠢᠨ ᠬᠠᠮᠲᠤ ᠴᠢᠮᠡᠭᠡ | ᠨᠡᠪᠲᠡᠷᠡᠯᠭᠡ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠬᠠᠷᠢᠯᠴᠠᠬᠤ ᠶᠢᠨ ᠠᠷᠭ᠎ᠠ ᠦᠭᠡᠶ ᠤᠷᠢᠭᠳᠠᠭᠰᠠᠳ ᠢ | ᠤᠷᠢᠭᠳᠠᠬᠤ ᠬᠢᠷᠢ ᠭᠡᠮ ᠢᠶᠠᠨ ᠥᠪᠡᠷ ᠢᠶᠠᠨ ᠲᠠᠶᠠᠭᠳᠠᠭᠰᠠᠨ ᠢᠶᠠᠷ ᠦᠵᠡᠨ᠎ᠡ᠃ ᠬᠤᠪᠢ ᠬᠥᠮᠦᠨ ᠤ ᠴᠢᠮᠡᠭᠡ | ᠨᠡᠪᠲᠡᠷᠡᠯᠭᠡ ᠰᠠᠭᠠᠳ ᠦᠭᠡᠶ ᠨᠡᠪᠲᠡᠷᠡᠭᠰᠡᠨ ᠠᠴᠠ ᠪᠣᠯᠵᠤ ᠨᠢᠭᠤᠷᠲᠠᠨ ᠰᠢᠯᠭᠠᠬᠤ ᠮᠡᠳᠡᠭᠳᠡᠯ ᠢ ᠣᠯᠵᠤ ᠳᠡᠶᠢᠯᠦᠭᠰᠡᠨ | ᠦᠭᠡᠶ ᠪᠣᠯ ᠦᠷ᠎ᠡ ᠤᠷᠰᠢᠭ ᠢ ᠲᠤᠰ ᠬᠥᠮᠦᠨ ᠨᠢ ᠬᠠᠷᠢᠭᠤᠴᠠᠨ᠎ᠠ᠃ | |