ᠶᠦᠩ ᠰᠢᠩ ᠯᠢᠶᠠᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ  ᠰᠡᠴᠡᠨᠪᠢᠯᠢᠭ ᠶᠢᠨ ᠲᠤᠬᠠᠢ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2025/1/9
 ᠲᠡᠷᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠬᠢᠵᠦ ᠦᠢᠯᠡᠰ ᠪᠤᠰᠬᠠᠬᠤ ︽ᠲᠠᠭᠠᠭᠤᠯᠤᠭᠴᠢ︾ ᠪᠣᠯᠤᠨ᠎ᠠ᠂ ᠪᠣᠳᠠᠲᠠᠢ ᠠᠵᠢᠯᠯᠠᠵᠤ᠂ ᠡᠮᠦᠨ᠎ᠡ ᠹᠷᠣᠨᠲ ᠲᠤ ᠭᠠᠪᠰᠢᠭᠠᠶᠢᠯᠠᠪᠠ︔ ᠲᠣᠰᠬᠤᠨ ᠤ ᠠᠷᠠᠳ ᠢᠷᠭᠡᠳ ᠤᠨ ︽ᠳᠣᠲᠣᠨᠣ ᠬᠥᠮᠦᠨ︾᠂ ︽ᠰᠡᠳᠬᠢᠯ ᠢ ᠳᠤᠯᠠᠭᠠᠴᠠᠭᠤᠯᠬᠤ ᠬᠥᠮᠦᠨ︾ ᠮᠥᠨ᠂ ᠦᠨᠡᠨ ᠰᠡᠳᠬᠢᠯ ᠠᠴᠠ ᠪᠠᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠢᠲᠡᠭᠡᠯ ᠪᠠ ᠮᠠᠭᠲᠠᠭᠠᠯ ᠰᠠᠶᠢᠰᠢᠶᠠᠯ ᠢ ᠤᠯᠪᠠ᠃ ᠲᠡᠷᠡ ᠪᠣᠯ ᠳᠠᠷᠤᠢ ᠲᠣᠰᠬᠤᠨ ᠤ ᠠᠷᠠᠳ ᠤᠨ ᠠᠮᠠᠨ ᠳᠠᠬᠢ ᠰᠠᠶᠢᠨ ᠺᠠᠳ᠋ᠷ ᠪᠣᠯᠬᠤ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠶᠦᠩ ᠰᠢᠩ  ᠯᠢᠶᠠᠩ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠡᠴᠡᠨᠪᠢᠯᠢᠭ ᠪᠣᠯᠤᠨ᠎ᠠ᠃ ᠶᠦᠩ ᠰᠢᠩ ᠯᠢᠶᠠᠩ ᠲᠣᠰᠬᠤᠨ ᠳᠤ ᠬᠦᠷᠬᠦ ᠳᠤ᠂ ᠨᠠᠮ ᠵᠢᠮ ᠲᠠᠭᠠᠯᠠᠮᠵᠢᠲᠠᠶ ᠠᠶᠢᠯ ᠲᠣᠰᠬᠤᠨ᠂ ᠭᠡᠷ ᠪᠠᠶᠢᠰᠢᠩ᠂ ᠴᠡᠪᠡᠷ ᠲᠡᠭᠰᠢ ᠵᠠᠮ᠃ ᠭᠠᠴᠠᠭᠠᠨ ᠤ ᠠᠷᠠᠳ ᠤᠨ ᠵᠥᠪᠯᠡᠯ ᠳᠤ᠂ ᠰᠡᠴᠡᠨᠪᠢᠯᠢᠭ ᠭᠠᠴᠠᠭᠠᠨ ᠤ ᠠᠷᠠᠳ ᠤᠨ ᠵᠥᠪᠯᠡᠯ ᠪᠣᠯᠤᠨ ᠭᠠᠴᠠᠭᠠᠨ ᠤ ᠠᠷᠠᠳ ᠤᠨ ᠵᠥᠪᠯᠡᠯ ᠤᠨ ᠠᠵᠢᠯᠲᠠᠳ ᠤᠢᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠲᠤᠬᠠᠢ ᠶᠠᠷᠢᠯᠴᠠᠪᠠ᠃
     ᠰᠡᠴᠡᠨᠪᠢᠯᠢᠭ ᠪᠣᠯ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠪᠦᠯᠦᠭᠯᠡᠯ ᠤᠨ ᠤᠯᠠᠭᠠᠨᠴᠠᠪ ᠬᠤᠲᠠ ᠶᠢᠨ ᠬᠤᠪᠢᠶᠠᠷᠢ ᠺᠣᠮᠫᠠᠨᠢ ᠶᠢᠨ ᠨᠢᠭᠡᠨ ᠠᠵᠢᠯᠲᠠᠨ ᠪᠣᠯᠤᠨ᠎ᠠ᠂ 2018 ᠣᠨ ᠤ 9 ᠰᠠᠷ᠎ᠠ ᠳᠤ ᠲᠢᠶᠠᠨ ᠴᠧᠩ ᠰᠢᠶᠠᠩ ᠤᠨ ᠶᠦᠩ ᠰᠢᠩ ᠯᠢᠶᠠᠩ ᠲᠣᠰᠬᠤᠨ ᠳᠤ ᠰᠣᠩᠭᠤᠨ ᠲᠣᠮᠢᠯᠠᠭᠰᠠᠨ ᠨᠢᠭᠡᠳᠦᠭᠡᠷ ᠱᠦᠵᠢ ᠪᠣᠯᠤᠨ᠎ᠠ᠃ ᠲᠣᠰᠬᠤᠨ ᠳᠤ ᠰᠠᠭᠤᠭᠰᠠᠨ ᠠᠴᠠ ᠨᠠᠰᠢ᠂ ᠰᠡᠴᠡᠨᠪᠢᠯᠢᠭ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠶᠦᠩ ᠰᠢᠩ ᠯᠢᠶᠠᠩ ᠲᠣᠰᠬᠤᠨ ᠤ ᠲᠡᠦᠬᠡ ᠰᠣᠶᠣᠯ᠂ ᠲᠣᠰᠬᠤᠨ ᠤ ᠠᠷᠠᠳ ᠤᠨ ᠬᠡᠷᠡᠭᠴᠡᠭᠡ ᠶᠢ ᠨᠠᠷᠢᠨ ᠣᠶᠢᠯᠠᠭᠠᠪᠠ᠃ ᠵᠢᠷᠭᠤᠭᠠᠨ ᠵᠢᠯ ᠤᠨ ᠬᠤᠭᠤᠴᠠᠭᠠᠨ ᠳᠤ᠂ ᠲᠡᠷᠡ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠡᠯᠡ ᠮᠥᠩᠭᠦ ᠲᠡᠮᠡᠴᠡᠨ ᠣᠯᠵᠤ ᠲᠦᠷᠦᠯ ᠵᠦᠢᠯ ᠲᠣᠭᠲᠠᠭᠠᠵᠤ᠂ ᠺᠣᠮᠫᠠᠨᠢ ᠲᠠᠢ ᠬᠠᠮᠲᠤ ᠪᠠᠷ ᠲᠣᠰᠬᠤᠨ ᠤ ᠠᠷᠠᠳ ᠲᠤ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠪᠠᠶᠢᠭᠤᠯᠬᠤ᠂ ᠥᠷᠭᠡᠨ ᠪᠦᠰᠡᠲᠦ ᠰᠦᠯᠵᠢᠶ᠎ᠡ᠂ ᠵᠠᠮ ᠤᠨ ᠳ᠋ᠧᠩ᠂ ᠤᠤᠭᠤᠬᠤ ᠤᠰᠤᠨ ᠤ ᠢᠨᠵᠧᠨᠧᠷᠢᠩ ᠤᠨ ᠠᠦ᠋ᠲ᠋ᠣ᠋ ᠤᠰᠤᠨ ᠲᠥᠬᠦᠭᠡᠷᠦᠮᠵᠢ ᠤᠭᠰᠠᠷᠠᠬᠤ ᠵᠡᠷᠭᠡ ᠲᠥᠬᠦᠭᠡᠷᠦᠮᠵᠢ ᠶᠢ ᠤᠭᠰᠠᠷᠠᠵᠤ᠂ ᠲᠣᠰᠬᠤᠨ ᠤ ᠠᠷᠠᠳ ᠤᠨ ᠠᠮᠢᠳᠤᠷᠠᠯ ᠳᠤ ᠲᠦᠢᠯ ᠤᠨ ᠶᠡᠭᠡ ᠲᠦᠭᠦᠮ ᠦᠵᠡᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠪᠠ᠃    ᠶᠦᠩ ᠰᠢᠩ ᠯᠢᠶᠠᠩ ᠲᠣᠰᠬᠤᠨ ᠪᠣᠯ ᠲᠢᠶᠠᠨ ᠴᠧᠩ ᠰᠢᠶᠠᠩ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠲᠢᠶᠠᠨ ᠴᠧᠩ ᠰᠢᠶᠠᠩ ᠤᠨ ᠲᠠᠯᠠᠢ ᠶᠢᠨ ᠲᠦᠪᠰᠢᠨ ᠠᠴᠠ ᠳᠡᠭᠡᠭᠰᠢ ᠬᠠᠮᠤᠭ ᠤᠨ ᠥᠨᠳᠥᠷ ᠲᠣᠰᠬᠤᠨ ᠪᠣᠯᠤᠨ᠎ᠠ᠃ ᠲᠣᠰᠬᠤᠨ ᠤ ᠳᠤᠳᠤᠷ᠎ᠠ ᠪᠠᠶᠢᠩᠭᠤ ᠰᠠᠭᠤᠭ᠎ᠠ ᠬᠥᠮᠦᠨ ᠠᠮᠠ ᠶᠢᠨ ᠨᠠᠰᠤᠵᠢᠯ ᠬᠦᠨᠳᠦ ᠨᠣᠴᠢᠲᠠᠶ ᠪᠠᠶᠢᠵᠤ᠂ ᠰᠡᠴᠡᠨᠪᠢᠯᠢᠭ ᠲᠣᠰᠬᠤᠨ ᠤ ᠬᠤᠭᠤᠷᠣᠨᠳᠣᠬᠢ ᠥᠨᠳᠥᠷ ᠵᠠᠮ ᠤᠨ ᠬᠦᠴᠢᠷ ᠪᠡᠷᠬᠡᠰᠢᠶᠡᠯ ᠢ ᠤᠬᠠᠮᠰᠠᠷ ᠠᠴᠠ ᠪᠠᠨ ᠢᠯᠠᠨ ᠳᠠᠪᠠᠵᠤ᠂ ᠲᠣᠰᠬᠤᠨ ᠤ ᠠᠷᠠᠳ ᠲᠤ ᠤᠶᠢᠯᠡᠴᠢᠯᠡᠭᠡ ᠬᠠᠩᠭᠠᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠥᠨᠥᠴᠢᠨ ᠪᠡᠯᠪᠡᠰᠦᠨ ᠨᠠᠰᠤᠲᠠᠳ ᠲᠤ ᠦᠰᠦ ᠵᠠᠰᠠᠬᠤ᠂ ᠨᠣᠭᠤᠭ᠎ᠠ ᠬᠤᠳᠠᠯᠳᠤᠨ ᠠᠪᠴᠤ ᠡᠮ ᠬᠦᠷᠭᠡᠬᠦ᠂ ᠲᠦᠷᠭᠡᠨ ᠬᠦᠷᠭᠡᠯᠲᠡ ᠶᠢ ᠠᠪᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠴᠢᠳᠠᠯ ᠤᠨ ᠬᠢᠷᠢ ᠪᠠᠷ ᠢᠶᠠᠨ ᠬᠠᠪᠰᠤᠷᠤᠨ ᠲᠡᠳᠬᠦᠬᠦ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠶ ᠪᠠᠷ ᠦᠷᠨᠢᠬᠦᠯᠪᠡ︔ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢ ᠭᠠᠵᠠᠷ ᠰᠢᠷᠣᠶ ᠶᠢ ᠲᠠᠲᠠᠪᠤᠷᠢᠯᠠᠨ ᠡᠵᠡᠯᠡᠬᠦ ᠠᠵᠢᠯ ᠤᠨ ᠳᠤᠮᠳᠠ᠂ ᠲᠥᠷᠥᠯ ᠵᠦᠢᠯ ᠤᠨ ᠶᠠᠮᠤᠨ ᠲᠠᠢ ᠢᠳᠡᠪᠬᠢᠲᠡᠶ ᠵᠣᠯᠭᠠᠭᠤᠯᠵᠤ᠂ ᠮᠠᠰᠢᠨ ᠪᠠ ᠪᠠᠶᠢᠷᠢ ᠳᠠᠷᠠᠭᠠᠯᠠᠨ ᠲᠠᠯᠠᠪᠠᠢ ᠶᠢ ᠬᠡᠮᠵᠢᠵᠦ᠂ ᠵᠥᠷᠢᠴᠡᠯ ᠢ ᠵᠣᠬᠢᠴᠠᠭᠤᠯᠤᠨ᠂ ᠣᠯᠠᠨ ᠲᠦᠮᠡᠨ ᠤ ᠭᠠᠵᠠᠷ ᠡᠵᠡᠯᠡᠭᠰᠡᠨ ᠨᠥᠬᠦᠪᠥᠷᠢ ᠶᠢ ᠭᠦᠶ᠋ᠴᠡᠳ ᠲᠤᠭ᠎ᠠ ᠪᠠᠷ ᠣᠯᠭᠤᠵᠤ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠶᠦᠩ ᠰᠢᠩ ᠯᠢᠶᠠᠩ ᠲᠣᠰᠬᠤᠨ ᠤ ᠠᠷᠠᠳ ᠱᠢ ᠬᠦᠢ ᠴᠧᠩ    ᠪᠢ ᠱᠦᠵᠢ ᠮᠠᠨ ᠤ ᠶᠦᠩ ᠰᠢᠩ ᠯᠢᠶᠠᠩ ᠲᠣᠰᠬᠤᠨ ᠳᠤ ᠢᠷᠡᠭᠰᠡᠨ ᠤ ᠳᠠᠷᠠᠭ᠎ᠠ᠂ ᠡᠷᠡᠭᠦᠯ ᠬᠠᠮᠠᠭᠠᠯᠠᠯ ᠤᠨ ᠠᠵᠢᠯ ᠢ ᠮᠠᠰᠢ ᠰᠠᠶᠢᠨ ᠬᠢᠵᠦ᠂ ᠮᠠᠨ ᠤ ᠠᠷᠠᠳ ᠣᠯᠠᠨ ᠤ ᠲᠠᠷᠢᠶ᠎ᠠ ᠲᠠᠷᠢᠬᠤ ᠶᠢ ᠮᠠᠰᠢ ᠬᠠᠯᠠᠮᠵᠢᠯᠠᠵᠤ ᠪᠠᠶᠢᠨ᠎ᠠ᠂ ᠪᠢᠳᠡ ᠵᠠᠷᠢᠮ ᠦᠶ᠎ᠡ ᠳᠤ ᠵᠠᠷᠢᠮ ᠠᠮᠤ ᠪᠤᠳᠠᠭ᠎ᠠ ᠪᠠᠨ ᠬᠤᠳᠠᠯᠳᠤᠵᠤ ᠳᠡᠶᠢᠯᠬᠦ ᠦᠭᠡᠢ᠂ ᠱᠦᠵᠢ ᠪᠡᠶ᠎ᠡ ᠪᠠᠷ ᠢᠶᠠᠨ ᠬᠠᠷᠢᠯᠴᠠᠵᠤ᠂ ᠮᠠᠨ ᠤ ᠲᠠᠷᠢᠶᠠᠴᠢᠳ ᠢ ᠲᠦᠢᠯ ᠢᠶᠠᠷ ᠬᠠᠯᠠᠮᠵᠢᠯᠠᠵᠤ ᠪᠠᠶᠢᠪᠠ᠃ ᠪᠠᠰᠠ ᠨᠠᠰᠤᠲᠠᠶᠢᠴᠤᠳ ᠢ ᠬᠠᠪᠰᠤᠷᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠠᠶᠢᠴᠠᠭᠠᠵᠤ᠂ ᠬᠡᠳᠦ᠋ᠢᠪᠡᠷ ᠴᠥᠮ ᠪᠠᠭ᠎ᠠ ᠶᠠᠪᠤᠳᠠᠯ ᠪᠣᠯᠤᠭᠰᠠᠨ ᠪᠣᠯᠪᠠᠴᠤ ᠱᠦᠵᠢ ᠪᠦᠷ ᠶᠡᠭᠡ ᠬᠠᠪᠰᠤᠷᠤᠯᠭ᠎ᠠ ᠪᠣᠯᠤᠭᠰᠠᠨ ᠪᠠᠶᠢᠨ᠎ᠠ ᠭᠡᠪᠡ᠃   ᠬᠥᠯ ᠳᠡᠭᠡᠷ᠎ᠡ ᠰᠢᠪᠠᠷ ᠨᠠᠭᠠᠯᠳᠤᠭᠰᠠᠨ᠂ ᠰᠡᠳᠭᠢᠯ ᠳᠣᠲᠣᠷ᠎ᠠ ᠣᠯᠠᠨ ᠲᠦᠮᠡᠨ ᠢ ᠳᠦᠭᠦᠷᠭᠡᠨ᠎ᠡ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠰᠡᠴᠡᠨᠪᠢᠯᠢᠭ᠂ ᠢᠷᠠᠭᠤ ᠠᠯᠳᠠᠷᠲᠤ ᠡᠭᠦᠷᠭᠡ ᠶᠢ ᠠᠴᠢᠶᠠᠯᠠᠵᠤ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠤᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠪᠤᠶᠢᠳᠠ ᠪᠦᠭᠯᠡᠭᠦᠦ ᠬᠥᠳᠡᠭᠡ ᠲᠣᠰᠬᠤᠨ ᠳᠤ ᠡᠷᠡᠰ ᠪᠠᠲᠤ ᠰᠠᠬᠢᠵᠤ᠂ ᠲᠣᠰᠬᠤᠨ ᠤ ᠠᠷᠠᠳ ᠲᠠᠢ ᠮᠥᠷᠥ ᠵᠡᠷᠭᠡᠴᠡᠨ ᠪᠠᠶᠢᠯᠳᠤᠵᠤ᠂ ᠬᠠᠮᠲᠤᠪᠠᠷ ᠠᠷᠭ᠎ᠠ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠥᠷᠭᠡᠳᠬᠡᠵᠦ ᠪᠤᠢ᠃ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠶᠦᠩ ᠰᠢᠩ ᠯᠢᠶᠠᠩ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠡᠴᠡᠨᠪᠢᠯᠢᠭ᠄ ︽2018 ᠣᠨ ᠳᠤ ᠪᠢ ᠤᠯᠠᠭᠠᠨᠴᠠᠪ ᠤᠨ ᠰᠢᠯᠵᠢᠮᠡᠯ ᠬᠤᠯᠪᠣᠭᠠᠨ ᠤ ᠺᠣᠮᠫᠠᠨᠢ ᠶᠢᠨ ᠰᠣᠩᠭᠤᠨ ᠲᠣᠮᠢᠯᠠᠭᠰᠠᠨ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠶᠦᠩ ᠰᠢᠩ ᠯᠢᠶᠠᠩ ᠲᠣᠰᠬᠤᠨ ᠤ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠠᠵᠢᠯ ᠬᠢᠭᠰᠡᠨ ᠠᠴᠠ ᠨᠠᠭᠠᠰᠢ᠂ ᠮᠠᠰᠢ ᠤᠯᠠᠨ ᠦᠡᠭᠭᠡᠷᠡᠯᠲᠡ ᠤᠯᠵᠦ᠂ ᠮᠠᠰᠢ ᠭᠦᠨ ᠲᠦᠷᠦᠭᠳᠡᠯ ᠲᠠᠢ ᠪᠠᠶᠢᠵᠤ᠂ ᠮᠠᠰᠢ ᠤᠯᠠᠨ ᠰᠡᠳᠭᠢᠯ ᠬᠦᠳᠡᠯᠭᠡᠮ᠎ᠡ ᠪᠠᠶᠢᠯ᠎ᠠ᠃ ᠠᠵᠢᠯ ᠨᠢ ᠡᠶᠢᠮᠦ ᠤᠷᠤᠭᠰᠢᠲᠠᠶ ᠪᠠᠶᠢᠬᠤ ᠨᠢ ᠡᠯ᠎ᠡ ᠱᠠᠲᠤᠨ ᠤ ᠤᠳᠤᠷᠢᠳᠤᠯᠭ᠎ᠠ ᠶᠢᠨ ᠵᠣᠷᠢᠭᠵᠢᠭᠤᠯᠤᠯ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠨᠡᠩ ᠴᠤ ᠲᠣᠰᠬᠤᠨ ᠤ ᠠᠷᠠᠳ ᠤᠨ ᠣᠶᠢᠯᠠᠭᠠᠯᠲᠠ ᠮᠡᠳᠡᠷᠡᠮᠵᠢ ᠠᠴᠠ ᠰᠠᠯᠵᠤ ᠴᠢᠳᠠᠬᠤ ᠦᠭᠡᠢ ᠶᠤᠮ᠃ ᠬᠤᠶᠢᠰᠢᠳᠠ᠂ ᠪᠢ ᠦᠷᠭᠦᠯᠵᠢᠯᠡᠨ ︿ᠠᠷᠠᠳ ᠤᠨ ᠲᠥᠯᠥᠭᠡ ᠪᠠᠶᠢᠬᠤ᠂ ᠪᠣᠳᠠᠲᠠᠶ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ﹀ ᠠᠵᠢᠯ ᠤᠨ ᠣᠪᠣᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠡᠭᠦᠷ ᠤᠨ ᠪᠠᠶᠢᠭᠤᠯᠤᠯᠲᠠ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ ᠦᠷᠭᠦᠯᠵᠢᠯᠡᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠣᠳᠠᠲᠤ ᠠᠵᠢᠯᠯᠠᠭ᠎ᠠ ᠪᠠᠷ ᠢᠶᠠᠨ ᠣᠭ ᠰᠠᠨᠠᠭ᠎ᠠ ᠪᠠᠨ ᠰᠠᠬᠢᠨ ᠬᠠᠮᠠᠭᠠᠯᠠᠵᠤ᠂ ᠬᠠᠷᠢᠭᠤᠴᠠᠯᠭ᠎ᠠ ᠡᠭᠦᠷᠭᠡᠯᠡᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠯᠬᠤᠮ ᠨᠢᠭᠡᠪᠦᠷᠢ ᠶᠢ ᠯᠠᠪᠳᠠᠭᠤᠨ ᠪᠠᠲᠤᠲᠠᠶ ᠰᠠᠶᠢᠲᠤᠷ ᠵᠠᠮᠨᠠᠨ᠎ᠠ︾ ᠭᠡᠵᠦ ᠬᠡᠯᠡᠪᠡ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2