1 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ | ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠡᠮᠦᠨ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠬᠠᠤᠯᠢ︾ ᠶᠢ | ᠲᠥᠪᠯᠡᠷᠡᠭᠦᠯᠦᠨ ᠰᠤᠷᠤᠯᠴᠠᠪᠠ︔ ᠬᠤᠷᠠᠯ ᠠᠴᠠ ᠡᠮᠦᠨ᠎ᠡ ᠶᠡᠷᠦᠩᠬᠡᠶ ᠱᠦᠵᠢ ᠰᠢ ᠶᠢᠨ ᠫᠢᠩ ᠤᠨ ᠲᠥᠪᠡᠳ ᠤᠨ | ᠰᠢᠭᠠᠽᠧ ᠬᠤᠲᠠ ᠶᠢᠨ ᠳ᠋ᠢᠩ ᠿᠢ ᠰᠢᠶᠠᠨ ᠤ 6.8 ᠲᠠᠰ ᠤᠨ ᠭᠠᠵᠠᠷ ᠬᠥᠳᠡᠯᠦᠯᠲᠡ ᠳᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ | ︾᠂ ︽2025 ᠣᠨ ᠤ ᠲᠥᠪ ᠠᠴᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ | ᠲᠥᠷᠥᠯ ᠵᠦᠢᠯ ᠵᠢᠴᠢ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ︾᠂ ︽ᠯᠢᠶᠠᠩᠴᠧᠩ ᠰᠢᠶᠠᠨ ᠤ | 2024 ᠣᠨ ᠤ ᠬᠠᠪᠰᠤᠷᠤᠨ ᠲᠡᠳᠬᠦᠬᠦ ︵ᠶᠠᠳᠠᠭᠤ ᠶᠢ ᠲᠡᠳᠬᠦᠬᠦ︶ ᠲᠥᠷᠥᠯ ᠵᠦᠢᠯ ᠤᠨ ᠰᠢᠶᠠᠨ ᠤ ᠱᠠᠲᠤᠨ ᠤ | ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ︾ ᠢ ᠬᠢᠨᠠᠨ ᠵᠥᠪᠯᠡᠪᠡ︔ 2025 | ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠵᠡᠷᠭᠡ ᠵᠦᠢᠯᠡᠰ ᠢ ᠰᠤᠳᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠷᠳᠤ ᠬᠤᠭᠤᠴᠠᠭᠠᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ | ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠭᠠᠵᠠᠷ | ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠵᠢᠯᠣᠭᠤᠳᠬᠤ ᠰᠢᠰᠲ᠋ᠧᠮ ᠢ ᠦᠷᠭᠦᠯᠵᠢᠯᠡᠨ | ᠪᠦᠷᠢᠨᠰᠢᠬᠦᠯᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ ᠡᠯ᠎ᠡ ᠨᠢᠭᠡᠴᠡ ᠨᠦᠭᠦᠳ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠡᠯ᠎ᠡ ᠲᠥᠷᠥᠯ ᠤᠨ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ᠂ ᠬᠦᠢᠳᠡᠨ ᠤᠷᠤᠰᠬᠠᠯ᠂ | ᠴᠠᠰᠤ ᠣᠷᠣᠬᠤ᠂ ᠶᠡᠭᠡ ᠰᠠᠯᠬᠢ ᠵᠡᠷᠭᠡ ᠣᠨᠴᠠᠭᠠᠢ ᠴᠠᠭ ᠠᠭᠤᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠵᠠᠮ | ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ | ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠬᠠᠭᠤᠴᠢᠨ ᠭᠡᠷ ᠪᠠᠶᠢᠰᠢᠩ ᠵᠡᠷᠭᠡ | ᠭᠤᠣᠯᠳᠠᠯᠭ᠎ᠠ ᠲᠠᠢ ᠭᠠᠵᠠᠷ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠯ᠎ᠡ | ᠨᠢᠭᠡᠴᠡ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠲᠦᠭᠰᠢᠭᠦᠷᠢᠲᠦ ᠪᠠᠶᠢᠳᠠᠯ ᠭᠠᠷᠪᠠᠯ ᠴᠠᠭ ᠲᠤᠬᠠᠢ ᠳᠤᠨᠢ | ᠴᠤᠤᠷᠢᠶᠠᠲᠤᠨ ᠳᠠᠭᠠᠵᠤ᠂ ᠰᠢᠨᠵᠢᠯᠡᠬᠦ ᠤᠬᠠᠭᠠᠨᠴᠢ ᠪᠠᠷ ᠠᠪᠤᠷᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠭᠦᠷᠡᠰᠦ᠂ | ᠴᠠᠬᠢᠯᠭᠠᠨ᠂ ᠬᠡᠢ ᠵᠡᠷᠭᠡ ᠡᠬᠢ ᠪᠠᠶᠠᠯᠢᠭ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯᠲᠡᠶ ᠣᠯᠠᠨ | ᠲᠦᠮᠡᠨ ᠤ ᠤᠶᠢᠯᠡᠳᠪᠤᠷᠢᠯᠡᠯ ᠠᠮᠢᠳᠤᠷᠠᠯ ᠢ ᠬᠠᠯᠠᠮᠵᠢᠯᠠᠵᠤ᠂ ᠪᠥᠬᠦ ᠰᠢᠶᠠᠨ ᠤ ᠠᠷᠠᠳ ᠲᠦᠮᠡᠨ ᠢ ᠳᠤᠯᠠᠭᠠᠨ ᠪᠦᠯᠢᠶᠡᠨ | ᠡᠪᠦᠯᠵᠢᠭᠦᠯᠬᠦ᠂ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |