ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
  1 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠩᠬᠠᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠ ᠶᠢᠰᠦᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠯᠪᠣᠭᠳᠠᠯ ᠪᠥᠬᠦᠶ ᠲᠠᠯ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠤᠨ ᠬᠥᠭᠵᠢᠯᠲᠡ ᠶᠢᠨ ᠰᠡᠳᠬᠢᠴᠡ ᠪᠠ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠮᠠᠨ ᠤ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠦᠨᠡᠨᠬᠦ ᠠᠬᠢᠭᠤᠯᠬᠤ ᠬᠡᠷᠡᠭᠲᠡᠶ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠦᠨᠳᠦᠰᠦᠨ ᠱᠠᠲᠤᠨ ᠤ ︽ᠵᠢᠵᠢᠭ ᠮᠣᠷᠢ ᠪᠠᠷ ᠲᠡᠷᠭᠡ ᠲᠠᠲᠠᠬᠤ︾ ᠶᠢ ᠵᠠᠰᠠᠬᠤ ᠲᠤᠪᠤᠶᠢᠮ᠎ᠠ ᠠᠰᠠᠭᠤᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠠᠵᠢᠯ ᠤᠨ ᠡᠭᠦᠷᠭᠡ ᠪᠣᠯᠭᠠᠵᠤ᠂ ᠥᠨᠳᠥᠷ ᠲᠦᠪᠰᠢᠨ ᠢᠶᠠᠷ ᠠᠬᠢᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠰᠠᠭᠤᠳᠠᠯ ᠢ ᠵᠡᠷᠭᠡ ᠪᠠᠷ ᠵᠠᠰᠠᠬᠤ ᠶᠢ ᠦᠨᠡᠨ ᠬᠦ ᠪᠡᠶᠡᠯᠡᠭᠦᠯᠵᠦ᠂ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠯ᠎ᠡ ᠲᠤᠰᠬᠠᠢ ᠳᠤᠭᠤᠶᠢᠯᠠᠩ ᠤᠨ ᠬᠢᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠨ᠎ᠡ ᠨᠢᠭᠡ ᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠲᠥᠯᠥᠪᠵᠢᠭᠦᠯᠵᠦ᠂ ᠥᠭᠡᠷᠡᠴᠢᠯᠡᠯᠲᠡ ᠶᠢᠨ ᠬᠢᠯᠠᠰ ᠴᠡᠭ ᠪᠣᠯᠤᠨ ᠥᠭᠡᠷᠡᠴᠢᠯᠡᠯᠲᠡ ᠶᠢᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠮᠠᠨ ᠤ ᠰᠢᠶᠠᠨ ᠤ ᠣᠨᠴᠠᠯᠢᠭ ᠲᠠᠢ ᠦᠢᠯᠡᠳᠦᠯᠭᠡ ᠶᠢᠨ ᠦᠷ᠎ᠡ ᠪᠦᠲᠦᠭᠡᠯ ᠪᠣᠯᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2