ᠴᠠᠭᠠᠨ ᠰᠠᠷ᠎ᠠ ᠶᠢᠨ ᠬᠤᠭᠤᠴᠠᠭᠠᠨ ᠳᠤ᠂ ᠯᠢᠶᠠᠩᠴᠧᠩ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠢᠳᠡᠪᠬᠢᠲᠡᠢ ᠠᠵᠢᠯᠯᠠᠵᠤ᠂ ᠴᠠᠬᠢᠯᠭᠠᠨ ᠬᠦᠴᠦᠨ ᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠪᠣᠯᠤᠨ ᠠᠵᠤ ᠠᠬᠤᠶᠢᠯᠠᠯ ᠳᠤ ᠴᠢᠨᠠᠷ | ᠰᠠᠶᠢᠲᠠᠢ ᠴᠠᠬᠢᠯᠭᠠᠨ ᠬᠠᠩᠭᠠᠬᠤ ᠦᠢᠯᠡᠴᠢᠯᠡᠭᠡ ᠬᠠᠩᠭᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠲᠦᠭ | ᠲᠦᠮᠡᠨ ᠠᠶᠢᠯ ᠡᠷᠦᠬᠡ ᠶᠢ ᠰᠠᠬᠢᠨ ᠬᠠᠮᠠᠭᠠᠯᠠᠨ᠎ᠠ᠃ | | | | | ᠬᠤᠢ ᠵᠢᠶᠦ᠋ᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ | ᠯᠢ ᠶᠠᠨ ᠲᠢᠩ | ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠲᠠᠳ ᠤᠨ ᠴᠠᠬᠢᠯᠭᠠᠨ ᠬᠡᠷᠡᠭᠯᠡᠬᠦ ᠰᠠᠨᠠᠭᠠᠴᠢᠯᠠᠭ᠎ᠠ ᠠᠴᠠ ᠪᠠᠨ | ᠬᠦᠷᠦᠭᠰᠡᠨ ᠶᠠᠪᠤᠳᠠᠯ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠮᠠᠨ ᠤ ᠲᠠᠬᠢᠶᠠᠨ ᠤ ᠲᠠᠯᠠᠪᠠᠢ ᠳᠤ ᠴᠠᠬᠢᠯᠭᠠᠨ | ᠬᠡᠷᠡᠭᠯᠡᠬᠦ ᠭᠡᠮᠲᠦᠯ ᠭᠠᠷᠪᠠᠯ᠂ ᠲᠡᠳᠡ ᠴᠥᠮ ᠲᠡᠷᠡ ᠳᠠᠷᠤᠶ ᠳᠤᠨᠢ ᠲᠤᠬᠠᠢ ᠶᠢᠨ ᠲᠠᠯᠠᠪᠠᠢ ᠳᠤ ᠬᠦᠷᠴᠦ | ᠰᠢᠢᠳᠪᠦᠷᠢᠯᠡᠵᠦ᠂ ᠲᠠᠬᠢᠶᠠᠨ ᠤ ᠲᠠᠯᠠᠪᠠᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ ᠪᠠᠶᠢᠨ᠎ᠠ᠃ ᠡᠭᠦᠨ ᠤ ᠬᠠᠮᠲᠤ | ᠲᠡᠳᠡ ᠪᠠᠰᠠ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠮᠡᠳᠡᠯᠭᠡ ᠶᠢ ᠪᠢᠳᠡᠨ ᠳᠤ ᠲᠠᠶᠢᠯᠪᠤᠷᠢᠯᠠᠨ ᠥᠭᠴᠦ᠂ | ᠮᠠᠨ ᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ | | | | | ᠪᠠᠶᠠᠷ ᠤᠨ ᠡᠳᠦᠷ ᠤᠨ ᠬᠤᠭᠤᠴᠠᠭᠠᠨ ᠳᠠᠬᠢ ᠴᠠᠬᠢᠯᠭᠠᠨ ᠲᠣᠣᠷ ᠤᠨ ᠠᠵᠢᠯᠯᠠᠭᠠᠨ ᠤ ᠠᠮᠤᠷ ᠲᠦᠪᠰᠢᠨ | ᠲᠣᠭᠲᠠᠭᠤᠨ ᠪᠠᠶᠢᠬᠤ ᠶᠢ ᠪᠠᠲᠤᠯᠠᠵᠤ᠂ ᠴᠠᠬᠢᠯᠭᠠᠨ ᠬᠦᠴᠦᠨ ᠤ ᠬᠠᠩᠭᠠᠯᠭ᠎ᠠ ᠭᠦᠢᠴᠡᠳ ᠨᠠᠶᠢᠳᠠᠪᠤᠷᠢᠲᠠᠢ ᠪᠠᠶᠢᠬᠤ ᠶᠢ | ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠤᠷᠢᠳᠴᠢᠯᠠᠨ | ᠲᠥᠯᠥᠪᠵᠢᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠠᠬᠢᠯᠭᠠᠨ ᠬᠠᠩᠭᠠᠬᠤ | ᠦᠢᠯᠡᠴᠢᠯᠡᠭᠡᠨ ᠤ ᠨᠠᠷᠢᠨ ᠨᠢᠭᠲᠠ ᠪᠠᠲᠤᠯᠠᠪᠤᠷᠢ ᠶᠢᠨ ᠲᠥᠰᠦᠯ ᠢ ᠲᠣᠭᠲᠠᠭᠠᠪᠠ᠃ ᠴᠠᠭᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠤᠨ ᠬᠤᠭᠤᠴᠠᠭᠠᠨ ᠳᠤ ᠠᠭᠠᠷ ᠤᠨ ᠳᠤᠯᠠᠭᠠᠨ ᠭᠡᠨᠡᠳᠲᠡ ᠪᠠᠭᠤᠷᠠᠭᠰᠠᠨ ᠠᠴᠠ ᠪᠣᠯᠤᠭᠰᠠᠨ ᠠᠰᠢᠭ | ᠦᠭᠡᠢ ᠨᠥᠯᠥᠭᠡ ᠳᠤ ᠴᠢᠭᠯᠡᠭᠦᠯᠦᠨ᠂ ᠯᠢᠶᠠᠩᠴᠧᠩ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠴᠠᠬᠢᠯᠭᠠᠨ ᠤ ᠲᠣᠤᠷ ᠤᠨ ᠠᠵᠢᠯᠯᠠᠭᠠᠨ ᠤ ᠬᠠᠮᠠᠭᠠᠯᠠᠯᠲᠠ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠴᠠᠬᠢᠯᠭᠠᠨ ᠤ ᠲᠣᠤᠷ ᠤᠨ ᠠᠵᠢᠯᠯᠠᠭᠠᠨ ᠤ ᠠᠷᠭ᠎ᠠ ᠮᠠᠶ᠋ᠢᠭ ᠢᠶᠠᠨ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠲᠣᠬᠢᠷᠠᠭᠤᠯᠬᠤ ᠲᠥᠰᠦᠯ ᠢᠶᠠᠨ ᠰᠢᠯᠢᠳᠡᠭᠵᠢᠭᠦᠯᠵᠦ᠂ ᠲᠤᠰᠬᠠᠶ ᠮᠡᠷᠭᠡᠵᠢᠯ ᠤᠨ ᠠᠵᠢᠯᠲᠠᠨ ᠢ ᠴᠠᠭ | ᠲᠤᠬᠠᠶ ᠳᠤᠨᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠤ ᠭᠠᠵᠠᠷ ᠣᠷᠣᠨ᠂ ᠭᠤᠤᠯᠳᠠᠯᠭ᠎ᠠ ᠲᠠᠢ ᠠᠵᠤ ᠠᠬᠤᠶᠢᠯᠠᠯ | ᠵᠡᠷᠭᠡ ᠳᠤ ᠭᠦᠨᠵᠡᠭᠡᠶᠢᠷᠡᠭᠦᠯᠵᠦ᠂ ᠴᠠᠬᠢᠯᠭᠠᠨ ᠬᠠᠩᠭᠠᠬᠤ ᠱᠤᠭᠤᠮ ᠪᠠ ᠲᠥᠬᠦᠭᠡᠷᠦᠮᠵᠢ ᠶᠢ ᠪᠥᠬᠦ ᠲᠠᠯ᠎ᠠ ᠪᠠᠷ | ᠲᠣᠭᠤᠷᠢᠨ ᠪᠠᠶᠢᠴᠠᠭᠠᠵᠤ᠂ ᠲᠥᠬᠦᠭᠡᠷᠦᠮᠵᠢ ᠶᠢᠨ ᠳᠣᠤᠷ᠎ᠠ ᠳᠤᠯᠠᠭᠠᠨ ᠤ ᠣᠷᠴᠢᠨ ᠲᠣᠭᠤᠷᠢᠨ ᠳᠤ ᠳᠠᠯᠳᠠ ᠬᠡᠮ | ᠥᠬᠡᠶ ᠠᠵᠢᠯᠯᠠᠬᠤ ᠶᠢ ᠦᠨᠡᠨᠬᠦ ᠪᠠᠲᠤᠯᠠᠪᠠ᠃ | ᠪᠠᠶᠠᠷ ᠤᠨ ᠡᠳᠦᠷ ᠤᠨ ᠬᠤᠭᠤᠴᠠᠭᠠᠨ ᠳᠤ᠂ ᠪᠢᠳᠡ ᠲᠤᠰᠬᠠᠶ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ | ᠵᠠᠰᠠᠬᠤ ᠡᠩᠨᠡᠭᠡ ᠶᠢ ᠪᠠᠶᠢᠭᠤᠯᠤᠭᠰᠠᠨ ᠪᠥᠭᠡᠳ ᠰᠡᠯᠪᠢᠨ ᠵᠠᠰᠠᠬᠤ ᠡᠳ᠋ ᠪᠣᠳᠠᠰ ᠪᠠ ᠲᠥᠬᠦᠭᠡᠷᠦᠮᠵᠢ ᠶᠢ ᠭᠦᠢᠴᠡᠳ | ᠳᠣᠭᠢᠷᠠᠭᠤᠯᠪᠠ᠂ ᠡᠲᠡᠭᠡᠷ ᠡᠩᠨᠡᠭᠡ ᠨᠢ 24 ᠴᠠᠭ ᠢᠶᠠᠷ ᠵᠠᠷᠯᠢᠭ ᠬᠦᠯᠢᠶᠡᠵᠦ᠂ ᠴᠠᠬᠢᠯᠭᠠᠨ ᠬᠦᠴᠦᠨ ᠤ ᠰᠠᠭᠠᠳ | ᠭᠠᠷᠬᠤ ᠦᠶ᠎ᠡ ᠳᠤ ᠦᠳᠲᠡᠷ ᠲᠦᠷᠭᠡᠨ ᠴᠤᠤᠷᠢᠶᠠᠲᠤᠨ ᠳᠠᠭᠠᠵᠤ ᠵᠠᠪᠳᠤᠨ ᠵᠠᠰᠠᠬᠤ ᠶᠢ ᠦᠨᠡᠨ ᠬᠦ ᠪᠠᠲᠤᠯᠠᠪᠠ᠃ | ᠪᠢᠳᠡ ᠪᠠᠰᠠ ᠬᠡᠷᠡᠭᠯᠡᠭᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠵᠢᠵᠢᠭᠦᠷᠯᠡᠨ ᠰᠠᠬᠢᠬᠤ ᠬᠦᠴᠦᠨ ᠢ | ᠴᠢᠩᠭᠠᠳᠬᠠᠵᠤ᠂ ᠬᠡᠷᠡᠭᠯᠡᠭᠴᠢᠳ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠴᠠᠬᠢᠯᠭᠠᠨ ᠬᠡᠷᠡᠭᠯᠡᠬᠦ ᠠᠰᠠᠭᠤᠳᠠᠯ | ᠲᠤᠯᠭᠠᠷᠠᠪᠠᠯ ᠴᠠᠭ ᠲᠤᠬᠠᠶ ᠳᠤᠨᠢ ᠬᠠᠷᠢᠭᠤᠯᠲᠠ ᠪᠠ ᠬᠠᠪᠰᠤᠷᠤᠯᠭ᠎ᠠ ᠤᠯᠬᠤ ᠶᠢ ᠦᠨᠡᠨ ᠬᠦ ᠪᠠᠲᠤᠯᠠᠪᠠ᠃ | ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠯᠢᠶᠠᠩᠴᠧᠩ ᠰᠢᠶᠠᠨ ᠤ ᠴᠠᠬᠢᠯᠭᠠᠨ ᠬᠠᠩᠭᠠᠬᠤ | ᠺᠣᠮᠫᠠᠨᠢ ᠨᠡᠶᠢᠲᠡ 260 ᠴᠠᠬᠢᠯᠭᠠᠨ ᠪᠠᠲᠤᠯᠠᠬᠤ ᠠᠵᠢᠯᠲᠠᠨ ᠣᠷᠣᠭᠤᠯᠵᠤ᠂ 25 ᠪᠠᠴᠢᠮ ᠪᠠᠶᠢᠳᠠᠯ ᠢ ᠠᠷᠭᠠᠴᠠᠬᠤ | ᠲᠡᠷᠭᠡ ᠬᠥᠰᠬᠡ ᠣᠷᠣᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠷ ᠲᠦᠮᠡᠨ ᠡᠷᠦᠬᠡ ᠶᠢᠨ ᠳ᠋ᠧᠩ ᠤᠨ ᠭᠠᠯ ᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ | ᠠᠵᠤ ᠠᠬᠤᠶᠢᠯᠠᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠢᠷᠡᠭᠡᠳᠦᠢ ᠳᠤ ᠯᠢᠶᠠᠩᠴᠧᠩ ᠰᠢᠶᠠᠨ ᠤ | ᠴᠠᠬᠢᠯᠭᠠᠨ ᠬᠠᠩᠭᠠᠬᠤ ᠺᠣᠮᠫᠠᠨᠢ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠨᠤᠲᠤᠭ ᠤᠨ ᠠᠵᠤ | ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠨᠡᠩ ᠤᠯᠠᠨ ᠬᠦᠴᠦᠨ ᠴᠢᠳᠠᠯ ᠢᠶᠠᠨ | ᠡᠷᠭᠦᠬᠦ ᠪᠣᠯᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |