ᠴᠠᠭᠠᠨ ᠰᠠᠷ᠎ᠠ ᠰᠠᠶ᠋ᠢᠬᠠᠨ ᠥᠩᠭᠡᠷᠡᠵᠦ᠂ ᠪᠠᠶᠠᠷ ᠳᠤᠷᠠᠰᠬᠠᠯ ᠤᠨ ᠠᠭᠤᠷ ᠠᠮᠢᠰᠬᠤᠯ ᠬᠠᠷᠠᠬᠠᠨ ᠪᠦᠷᠢᠮᠦᠰᠦᠨ | ᠲᠠᠷᠬᠠᠵᠤ ᠳᠡᠶᠢᠯᠦᠭᠡᠳᠦᠶ ᠪᠠᠶᠢᠨ᠎ᠠ᠂ ᠭᠡᠪᠡᠴᠦ ᠯᠢᠶᠠᠩᠴᠧᠩ ᠰᠢᠶᠠᠨ ᠤ ᠬᠡᠪᠴᠢᠶᠡᠨ ᠤ ᠣᠯᠠᠩᠬᠢ ᠠᠵᠤ ᠠᠬᠤᠶᠢᠯᠠᠯ | ᠨᠢᠭᠡᠨᠲᠡ ᠦᠳᠲᠡᠷ ᠲᠦᠷᠭᠡᠨ ᠦᠢᠯᠡᠳᠪᠦᠷᠢᠯᠡᠯ ᠢᠶᠠᠨ ᠰᠡᠷᠭᠦᠭᠡᠵᠦ᠂ ᠡᠮᠬᠢ ᠵᠢᠷᠤᠮ ᠲᠠᠢ ᠠᠵᠢᠯ ᠤᠨ ᠪᠠᠶᠢᠳᠠᠯ ᠳᠤ | ᠪᠥᠬᠦ ᠬᠦᠴᠦᠨ ᠢᠶᠠᠷ ᠢᠶᠠᠨ ᠣᠷᠣᠯᠴᠠᠵᠤ᠂ ᠰᠢᠨ᠎ᠡ ᠨᠢᠭᠡ ᠵᠢᠯ ᠳᠤ ᠰᠢᠨ᠎ᠡ ᠬᠠᠭᠤᠳᠠᠰᠤ ᠶᠢ ᠨᠡᠭᠡᠭᠡᠵᠡᠶ᠃ 2 | ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠬᠤᠩ ᠮᠤᠤ ᠡᠮ ᠤᠨ ᠦᠢᠯᠡᠰ ᠤᠨ ᠦᠢᠯᠡᠳᠪᠦᠷᠢᠯᠡᠯ ᠤᠨ ᠲᠠᠰᠤᠭ ᠲᠤ | ᠣᠷᠣᠵᠤ᠂ ᠠᠵᠢᠯᠴᠢᠳ ᠶᠠᠭᠠᠷᠠᠯᠲᠠᠢ ᠪᠠᠶᠢᠯ᠎ᠠ᠃ ᠠᠵᠢᠯ ᠢᠶᠠᠨ ᠤᠷᠤᠭᠰᠢᠲᠠᠶ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠵᠤ ᠠᠬᠤᠶᠢᠯᠠᠯ ᠤᠷᠢᠳᠴᠢᠯᠠᠨ ᠠᠷᠭ᠎ᠠ ᠰᠦᠪᠡᠭᠴᠢᠯᠡᠵᠦ᠂ | ᠨᠠᠷᠢᠨ ᠲᠣᠳᠣᠷᠬᠠᠶ ᠠᠵᠢᠯ ᠤᠨ ᠲᠥᠯᠥᠪᠯᠡᠭᠡ ᠲᠣᠭᠲᠠᠭᠠᠵᠤ᠂ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ | ᠰᠡᠯᠪᠢᠨ ᠵᠠᠰᠠᠵᠤ᠂ ᠠᠮᠠᠷᠠᠯᠲᠠ ᠶᠢᠨ ᠳᠠᠷᠠᠭᠠᠬᠢ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ︔ | ᠡᠭᠦᠨ ᠤ ᠬᠠᠮᠲᠤ᠂ ᠠᠵᠢᠯᠲᠠᠳ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠠᠭᠠᠨ ᠪᠤᠴᠠᠭᠠᠬᠤ ᠶᠢ | ᠪᠣᠯᠪᠠᠰᠤᠷᠠᠭᠤᠯᠵᠤ᠂ ᠦᠢᠯᠡᠳᠪᠦᠷᠢᠯᠡᠯ ᠤᠨ ᠶᠠᠪᠤᠴᠠ ᠪᠣᠯᠤᠨ ᠠᠮᠤᠷ ᠲᠦᠪᠰᠢᠨ ᠤ ᠵᠢᠷᠤᠮᠵᠢᠯ ᠢ ᠣᠶᠢᠯᠠᠭᠠᠵᠤ᠂ | ᠠᠵᠢᠯᠲᠠᠳ ᠤᠨ ᠦᠳᠲᠡᠷ ᠲᠦᠷᠭᠡᠨ ᠠᠵᠢᠯ ᠤᠨ ᠪᠠᠶᠢᠳᠠᠯ ᠳᠠᠭᠠᠨ ᠣᠷᠣᠬᠤ ᠳᠤ ᠬᠦᠴᠦᠨ ᠨᠡᠮᠡᠷᠢᠯᠡᠪᠡ᠃ | | | | | | | | ᠥᠪᠥᠷ ᠮᠣᠩᠭᠤᠯ ᠤᠨ ᠬᠤᠩ ᠮᠤᠤ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ | ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠪᠣᠷᠣᠯᠠᠭᠤᠯᠤᠯᠲᠠ᠂ ᠦᠢᠯᠡᠴᠢᠯᠡᠭᠡ ᠶᠢ ᠨᠢᠭᠡ | ᠴᠣᠭᠴᠠᠵᠢᠭᠤᠯᠤᠭᠰᠠᠨ ᠣᠲᠣ ᠦᠶ᠎ᠡ ᠶᠢᠨ ᠡᠮ ᠤᠶᠢᠯᠡᠳᠬᠦ ᠠᠵᠤ ᠠᠬᠤᠶᠢᠯᠠᠯ ᠮᠥᠨ᠂ ᠣᠶᠢᠷ᠎ᠠ ᠶᠢᠨ ᠵᠢᠯ ᠳᠤ᠂ | ᠠᠵᠤ ᠠᠬᠤᠶᠢᠯᠠᠯ ᠨᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠭᠤᠯᠲᠠ ᠳᠤ ᠲᠦᠢᠯ ᠤᠨ ᠶᠡᠭᠡ | ᠲᠥᠬᠦᠮ ᠦᠵᠡᠭᠦᠯᠦᠭᠰᠡᠨ ᠪᠥᠭᠡᠳ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠲᠦᠢᠯ ᠤᠨ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | | | | | ᠬᠤᠩ ᠮᠤᠤ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ | ᠲᠥᠪ ᠤᠨ ᠦᠢᠯᠡᠳᠪᠦᠷᠢᠯᠡᠯ ᠤᠨ ᠬᠠᠷᠢᠭᠤᠴᠠᠯᠭᠠᠲᠠᠨ ᠯᠢ ᠵᠦᠩ ᠸᠧᠨ | ᠮᠠᠨ ᠤ ᠺᠣᠮᠫᠠᠨᠢ ᠥᠨᠥᠳᠦᠷ ᠠᠴᠠ ᠡᠬᠢᠯᠡᠨ ᠦᠢᠯᠡᠳᠪᠦᠷᠢᠯᠡᠯ ᠤᠨ ᠪᠡᠯᠡᠳᠬᠡᠯ ᠱᠠᠲᠤᠨ ᠳᠤ ᠣᠷᠣᠪᠠ᠂ | ᠥᠨᠥᠳᠦᠷ ᠠᠴᠠ ᠡᠬᠢᠯᠡᠨ ᠭᠤᠣᠯᠳᠠᠭᠤ ᠠᠵᠢᠯᠴᠢᠨ ᠤ ᠦᠢᠯᠡᠳᠪᠦᠷᠢᠯᠡᠯ ᠳᠤ ᠣᠷᠣᠬᠤ ᠠᠴᠠ ᠡᠮᠦᠨᠡᠬᠢ ᠠᠮᠤᠷ | ᠲᠦᠪᠰᠢᠨ ᠤ ᠪᠣᠯᠪᠠᠰᠤᠷᠠᠯ᠂ ᠦᠢᠯᠡᠳᠪᠦᠷᠢᠯᠡᠯ ᠤᠨ ᠱᠤᠭᠤᠮ ᠤᠨ ᠠᠷᠢᠭᠤᠨ ᠴᠡᠪᠡᠷ ᠤᠨ ᠲᠥᠬᠦᠭᠡᠷᠦᠮᠵᠢ ᠶᠢᠨ | ᠬᠠᠮᠠᠭᠠᠯᠠᠯᠲᠠ ᠬᠢᠵᠦ᠂ ᠪᠣᠳᠠᠰ ᠤᠨ ᠮᠠᠲ᠋ᠧᠷᠢᠶᠠᠯ ᠤᠨ ᠪᠡᠯᠡᠳᠬᠡᠯ᠂ ᠪᠡᠯᠡᠳᠬᠡᠯ ᠮᠠᠲ᠋ᠧᠷᠢᠶᠠᠯ ᠢ ᠪᠠᠭᠲᠠᠭᠠᠭᠰᠠᠨ | ᠪᠣᠳᠠᠰ ᠤᠨ ᠮᠠᠲ᠋ᠧᠷᠢᠶᠠᠯ ᠤᠨ ᠪᠡᠯᠡᠳᠬᠡᠯ᠂ ᠪᠡᠯᠡᠳᠬᠡᠯ ᠮᠠᠲ᠋ᠧᠷᠢᠶᠠᠯ ᠢ ᠪᠠᠭᠲᠠᠭᠠᠭᠰᠠᠨ ᠨᠢᠭᠡ ᠭᠠᠷᠠᠭ ᠤᠨ | ᠬᠤᠭᠤᠴᠠᠭᠠᠨ ᠳᠤ ᠪᠡᠯᠡᠳᠬᠡᠵᠦ ᠪᠠᠷᠠᠨ᠎ᠠ᠂ ᠳᠠᠷᠠᠭ᠎ᠠ ᠭᠠᠷᠠᠭ ᠤᠨ ᠲᠦᠷᠪᠡᠨ ᠠᠴᠠ ᠡᠬᠢᠯᠡᠨ ᠦᠢᠯᠡᠳᠪᠦᠷᠢᠯᠡᠨ᠎ᠡ᠃ ᠡᠨᠡ | ᠵᠢᠯ ᠤᠨ ᠮᠠᠨ ᠤ ᠭᠠᠷᠤᠯᠲᠠ ᠵᠢᠱᠢᠯᠲᠡ ᠪᠠᠷ 300 ᠲᠦᠮᠡ ᠠᠴᠠ 400 ᠲᠦᠮᠡᠨ ᠯᠣᠩᠬᠤ ᠣᠷᠴᠢᠮ ᠪᠠᠶᠢᠵᠤ᠂ | ᠦᠨᠳᠦᠰᠦᠨ ᠳᠡᠭᠡᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠴᠢᠳᠠᠨ᠎ᠠ᠃ | | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | | |