ᠪᠥᠬᠦ ᠰᠢᠶᠠᠨ ᠤ ᠥᠷᠭᠡᠨ ᠣᠯᠠᠨ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ | ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠴᠠᠭᠠᠨ ᠰᠠᠷ᠎ᠠ ᠶᠢᠨ ᠠᠷᠪᠠᠨ ᠲᠠᠪᠤᠨ ᠤ ︽ᠲᠠᠭ᠎ᠠ ᠶᠢᠨ ᠨᠠᠭᠤᠷ ᠤᠨ | ᠬᠠᠪᠤᠷ︾ ᠭᠡᠬᠦ ᠴᠠᠭᠠᠨ ᠰᠠᠷ᠎ᠠ ᠶᠢᠨ ᠠᠷᠪᠠᠨ ᠲᠠᠪᠤᠨ ᠤ ᠣᠯᠠᠨ ᠲᠦᠮᠡᠨᠴᠢ ᠴᠢᠨᠠᠷᠲᠠᠶ ᠰᠣᠶᠣᠯ ᠤᠨ ᠲᠣᠭᠯᠠᠯᠲᠠ ᠶᠢᠨ | ᠠᠵᠢᠯᠯᠠᠭ᠎ᠠ ᠥᠷᠨᠢᠭᠦᠯᠪᠡ᠃ | | | | | ᠴᠠᠭᠠᠨ ᠰᠠᠷ᠎ᠠ ᠶᠢᠨ ᠠᠷᠪᠠᠨ ᠬᠤᠶᠠᠷ ᠤᠨ ᠡᠳᠦᠷ ᠲᠤ᠂ ᠳ᠋ᠠᠢ ᠬᠠ ᠠᠭᠤᠳᠠᠮ ᠲᠠᠯᠠᠪᠠᠢ ᠳᠡᠭᠡᠷ᠎ᠡ᠂ ᠬᠡᠳᠦ᠋ᠢᠪᠡᠷ | ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠬᠠᠬᠢᠷ ᠬᠦᠢᠲᠡᠨ ᠰᠠᠯᠬᠢ ᠲᠡᠰᠬᠢᠮ᠎ᠡ ᠬᠦᠢᠲᠡᠨ ᠪᠣᠯᠪᠠᠴᠤ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠵᠤ᠂ ᠲᠣᠭᠯᠠᠭᠴᠢᠳ ᠪᠠᠶᠠᠷ ᠤᠨ ᠡᠳᠦᠷ ᠤᠨ | ᠬᠤᠪᠴᠠᠰᠤ ᠡᠮᠦᠰᠴᠦ᠂ ᠴᠤᠭ ᠵᠢᠪᠬᠤᠭ᠎ᠠ ᠲᠡᠭᠦᠯᠳᠡᠷ᠂ ᠦᠵᠡᠭᠴᠢᠳ ᠤᠨ ᠬᠠᠯᠠᠭᠤᠨ ᠰᠡᠳᠬᠢᠯᠭᠡ ᠥᠴᠦᠬᠡᠨ ᠴᠦ | ᠪᠠᠭᠤᠷᠠᠭᠰᠠᠨ ᠦᠭᠡᠢ᠂ ᠲᠣᠭᠯᠠᠯᠲᠠ ᠨᠢᠭᠡᠪᠦᠷᠢ ᠴᠥᠮ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ | ᠠᠯᠠᠭ᠎ᠠ ᠲᠡᠰᠢᠯᠲᠡ ᠪᠣᠯᠤᠨ ᠬᠡᠰᠡᠭ ᠬᠡᠰᠡᠭ ᠮᠠᠭᠲᠠᠭᠠᠯ ᠰᠠᠶᠢᠰᠢᠶᠠᠯ ᠢ ᠣᠯᠵᠠᠢ᠃ ᠰᠠᠭᠤᠭᠠᠯᠢ ᠠᠷᠠᠳ ᠰᠤ᠋ ᠹᠧᠩ ᠯᠢᠨ | ᠬᠡᠯᠡᠬᠦ ᠳᠡᠭᠡᠨ᠄ ︽ᠬᠡᠳᠦ᠋ᠢᠪᠡᠷ ᠠᠭᠤᠷ ᠠᠮᠢᠰᠬᠤᠯ ᠬᠠᠬᠢᠷ ᠬᠦᠢᠳᠡᠨ ᠪᠠᠶᠢᠭᠰᠠᠨ ᠴᠤ ᠮᠠᠨ ᠤ ᠯᠢᠶᠠᠩᠴᠧᠩ ᠰᠢᠶᠠᠨ ᠤ | ᠳ᠋ᠠᠢ ᠬᠠ ᠠᠭᠤᠳᠠᠮ ᠲᠠᠯᠠᠪᠠᠢ ᠳᠤ ᠢᠷᠡᠵᠦ᠂ ᠮᠠᠨ ᠤ ᠲᠣᠭᠯᠠᠭᠴᠢ ᠶᠢ ᠣᠯᠵᠤ ᠬᠠᠷᠠᠭᠠᠳ᠂ ᠤᠯᠠᠨ ᠳᠤ ᠡᠶᠢᠮᠦ | ᠭᠤᠶᠢᠳᠠ ᠰᠠᠶᠢᠬᠠᠨ ᠠᠵᠢᠯᠯᠠᠭ᠎ᠠ ᠥᠷᠨᠢᠭᠦᠯᠵᠦ ᠪᠠᠶᠢᠬᠤ ᠶᠢ ᠣᠯᠵᠤ ᠬᠠᠷᠠᠪᠠ᠂ ᠮᠢᠨᠦ ᠳᠣᠲᠣᠭᠠᠳᠤ ᠰᠡᠳᠬᠢᠯᠭᠡ ᠪᠣᠯ | ᠬᠠᠯᠠᠭᠤᠨ ᠳᠤᠯᠠᠭᠠᠨ᠂ ᠡᠨᠡᠬᠦ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ ᠪᠢ ᠮᠠᠨ ᠤ ᠨᠤᠲᠤᠭ ᠤᠨ ᠬᠥᠭᠵᠢᠯ | ᠴᠡᠴᠡᠭᠯᠡᠯ ᠢ ᠵᠥᠩᠨᠡᠵᠦ᠂ ᠮᠠᠨ ᠤ ᠨᠤᠲᠤᠭ ᠮᠢᠨᠢ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ ᠭᠡᠵᠦ | ᠪᠠᠶᠢᠨ᠎ᠠ︾ ᠭᠡᠵᠦ ᠬᠡᠯᠡᠪᠡ᠃ | | | | | | | | | | | | | | ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ | ᠤᠯᠠᠭᠠᠨᠮᠥ᠋ᠴᠢᠷ ᠤᠨ ᠲᠤᠰᠬᠠᠶ ᠲᠣᠭᠯᠠᠯᠲᠠ᠂ ᠣᠯᠠᠨ ᠲᠦᠮᠡᠨ ᠤ ᠰᠣᠶᠣᠯ ᠤᠷᠠᠯᠢᠭ ᠤᠨ ᠪᠦᠯᠬᠦᠮ ᠤᠨ ᠭᠤᠶᠢᠳᠠ | ᠰᠠᠶᠢᠬᠠᠨ ᠦᠵᠡᠭᠦᠯᠦᠯᠭᠡ ᠵᠢᠴᠢ ᠵᠠᠩ ᠹᠦ᠋ ᠱᠤᠸᠠᠨ ᠡᠯ ᠷᠧᠨ ᠤ ᠬᠤᠶᠠᠷ ᠬᠥᠮᠦᠨ ᠤ ᠲᠠᠪᠴᠠᠩ ᠵᠡᠷᠭᠡ ᠣᠨᠴᠠᠯᠢᠭᠲᠤ | ᠲᠣᠭᠯᠠᠯᠲᠠ ᠶᠢ ᠬᠠᠮᠤᠷᠴᠤ᠂ ᠪᠥᠬᠦ ᠰᠢᠶᠠᠨ ᠤ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠲᠤ | ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ᠲᠣᠭᠯᠠᠭᠴᠢ ᠳ᠋ᠦ᠋ ᠫᠧᠩ ᠹᠸᠢ | ᠬᠡᠯᠡᠬᠦ ᠳᠡᠭᠡᠨ᠄ ︽ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠳᠤ᠂ | ᠪᠢᠳᠡ ᠳᠥᠷᠪᠡᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠮᠠᠨ ᠤ ᠯᠢᠶᠠᠩᠴᠧᠩ ᠰᠢᠶᠠᠨ ᠤ ᠥᠷᠭᠡᠨ ᠣᠯᠠᠨ | ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ ᠲᠤ ᠬᠦᠷᠭᠡᠵᠦ᠂ ᠡᠨᠡ ᠬᠦ ᠰᠣᠶᠣᠯ ᠤᠨ ᠪᠠᠶᠠᠷ ᠪᠠᠶᠠᠰᠤᠯ ᠪᠠ | ᠬᠠᠶᠢᠷ᠎ᠠ ᠬᠠᠯᠠᠮᠵᠢ ᠶᠢ ᠮᠠᠨ ᠤ ᠯᠢᠶᠠᠩᠴᠧᠩ ᠰᠢᠶᠠᠨ ᠤ ᠠᠯᠢᠪᠠ ᠡᠭᠡᠯ ᠠᠷᠠᠳ ᠲᠤ ᠬᠦᠷᠭᠡᠵᠦ᠂ ᠴᠠᠭᠠᠨ ᠰᠠᠷ᠎ᠠ ᠶᠢᠨ | ᠠᠷᠪᠠᠨ ᠲᠠᠪᠤᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠳᠤ ᠰᠠᠶᠢᠨ ᠰᠠᠶᠢᠬᠠᠨ ᠪᠥᠭᠡᠳ ᠮᠠᠷᠲᠠᠭᠳᠠᠰᠢ ᠦᠭᠡᠢ | ᠥᠯᠵᠡᠶᠢᠲᠦ ᠡᠳᠦᠷ ᠢ ᠥᠩᠭᠡᠷᠡᠭᠦᠯᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | | |