2 ᠰᠠᠷ᠎ᠠ ᠶᠢᠨ 18 ᠤ ᠡᠳᠦᠷ᠂ ᠮᠠᠨ ᠤ ᠰᠢᠶᠠᠨ ᠪᠦᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ | ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠤᠨ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ | ᠰᠣᠨᠢᠷᠬᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃ ᠬᠤᠷᠠᠯ ᠠᠴᠠ᠂ | ᠪᠦᠬᠦ ᠰᠢᠶᠠᠨ ᠢᠶᠠᠷ ᠢᠶᠠᠨ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠨᠢᠭᠡ ᠵᠦᠢᠯ ᠤᠨ ᠲᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠭᠰᠠᠨ | ᠦᠷ᠎ᠡ ᠪᠦᠲᠦᠭᠡᠯ ᠢᠶᠠᠨ ᠦᠨᠡᠨᠬᠦ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ | ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠢᠯᠠᠩᠭᠤᠶ᠎ᠠ ︽ᠨᠢᠭᠡᠳᠦᠭᠡᠷ ᠭᠠᠷ︾ ᠨᠡᠩ | ᠪᠡᠶ᠎ᠡ ᠪᠠᠷ ᠢᠶᠠᠨ ᠬᠡᠷᠡᠭᠵᠢᠭᠦᠯᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠬᠡᠯᠡᠪᠡᠯ ᠵᠠᠪᠠᠯ ᠬᠢᠬᠦ᠂ | ᠠᠮᠠᠯᠳᠠᠪᠠᠯ ᠵᠠᠪᠠᠯ ᠦᠢᠯᠡᠳᠦᠯᠭᠡᠵᠢᠭᠦᠯᠬᠦ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ︽ᠬᠤᠶᠠᠷ ᠬᠤᠷᠠᠯ︾ ᠤᠨ ᠠᠵᠢᠯ ᠤᠨ ᠪᠠᠶᠢᠷᠢᠯᠠᠭᠤᠯᠤᠯᠲᠠ | ᠪᠠ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠪᠠ ᠰᠢᠶᠠᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠲᠠᠢ ᠤᠶᠠᠯᠳᠤᠭᠤᠯᠤᠨ᠂ ᠡᠭᠦᠷᠭᠡ ᠶᠢᠨ ᠨᠠᠷᠢᠨ ᠲᠠᠩᠰᠠ ᠶᠢ ᠵᠦᠢᠯ ᠳᠠᠷᠠᠭᠠᠯᠠᠨ | ᠵᠢᠭᠰᠠᠭᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠬᠤ ᠬᠡᠷᠡᠭᠲᠡᠶ︔ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠳ ᠠᠵᠢᠯ ᠤᠨ ᠰᠡᠳᠬᠢᠴᠡ ᠪᠠᠨ | ᠤᠷᠢᠳᠴᠢᠯᠠᠨ ᠲᠣᠳᠣᠷᠬᠠᠶᠢᠯᠠᠵᠤ᠂ ᠰᠢᠪᠲᠤᠯᠤᠯᠲᠠ ᠶᠢᠨ ᠠᠷᠭ᠎ᠠ ᠵᠠᠮ ᠢᠶᠠᠨ ᠲᠣᠳᠣᠷᠬᠠᠶᠢᠯᠠᠨ᠂ ᠣᠳᠣᠬᠠᠨ ᠳᠤ ᠶᠠᠭᠤ | ᠬᠢᠵᠦ ᠳᠡᠶᠢᠯᠬᠦ᠂ ᠬᠡᠵᠢᠶ᠎ᠡ ᠬᠢᠵᠦ ᠳᠠᠭᠤᠰᠬᠠᠬᠤ ᠳᠤ ᠴᠥᠮ ᠨᠠᠷᠢᠨ ᠨᠢᠭᠲᠠ ᠲᠥᠯᠥᠪᠯᠡᠭᠡ ᠲᠠᠢ ᠪᠠᠶᠢᠵᠤ᠂ | ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ᠂ ᠲᠦᠷᠭᠡᠨ ᠠᠶᠢᠵᠠᠮ ᠢ ᠵᠠᠪᠳᠤᠨ ᠭᠠᠷᠭᠠᠵᠤ᠂ ᠡᠯ᠎ᠡ ᠵᠦᠢᠯ ᠤᠨ | ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ | ᠲᠥᠯᠥᠪᠵᠢᠭᠦᠯᠵᠦ᠂ ᠴᠢᠬᠤᠯᠠ ᠶᠡᠭᠡ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠰᠠᠶᠢᠲᠤᠷ ᠥᠷᠨᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠰᠠᠶᠢᠲᠤᠷ ᠬᠥᠭᠵᠢᠭᠡᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠯᠢᠶᠠᠩᠴᠧᠩ ᠤᠨ ᠴᠢᠨᠠᠷ ᠰᠠᠶᠢᠲᠠᠢ ᠬᠥᠭᠵᠢᠯᠲᠡ ᠶᠢ ᠲᠠᠬᠢᠨ ᠰᠢᠨ᠎ᠡ | ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ | ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |