ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ | ᠠᠬᠢᠭᠤᠯᠤᠨ᠎ᠠ᠃ ᠮᠠᠨ ᠤ ᠰᠢᠶᠠᠨ 2025 ᠣᠨ ᠳᠤ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ | ᠲᠦᠷᠦ ᠶᠢᠨ ᠪᠤᠳᠤᠯᠭ᠎ᠠ ᠶᠢ ᠤᠬᠠᠭᠤᠯᠤᠨ ᠬᠡᠷᠡᠭᠵᠢᠭᠦᠯᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠪᠣᠷᠣᠯᠠᠭᠤᠯᠬᠤ | ᠨᠢᠭᠡᠴᠡ ᠶᠢᠨ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠰᠣᠯᠢᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ | ᠪᠦᠬᠦ ᠬᠦᠴᠦᠨ ᠢᠶᠠᠷ ᠢᠶᠠᠨ ᠲᠡᠮᠵᠢᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠬᠤᠳᠠᠯᠳᠤᠭᠠᠴᠢᠨ ᠵᠡᠷᠭᠡ ᠤᠯᠠᠨ | ᠲᠠᠯ᠎ᠠ ᠶᠢᠨ ᠨᠥᠬᠦᠪᠥᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠣᠣᠷ᠎ᠠ᠂ ᠤᠯᠠᠨ ᠲᠦᠮᠡᠨ ᠤ | ᠭᠡᠷ ᠤᠨ ᠴᠠᠬᠢᠯᠭᠠᠨ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠬᠡᠷᠡᠭᠯᠡᠭᠡᠨ ᠤ ᠵᠦᠢᠯ ᠢ ᠰᠣᠯᠢᠵᠤ | ᠬᠤᠳᠠᠯᠳᠤᠨ ᠠᠪᠬᠤ ᠬᠠᠯᠠᠭᠤᠨ ᠰᠡᠳᠬᠢᠯᠭᠡ ᠣᠷᠭᠢᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ | ᠬᠦᠴᠦᠨ ᠢ ᠬᠥᠭᠵᠢᠭᠡᠪᠡ᠃ | ᠤᠰᠤᠨ ᠴᠠᠬᠢᠯᠭᠠᠨ ᠭᠤᠳᠤᠮᠵᠢ ᠶᠢᠨ ᠨᠢᠭᠡ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠳᠠᠯᠳᠤᠬᠤ | ᠳᠡᠯᠭᠡᠭᠦᠷ ᠲᠤ᠂ ᠬᠠᠭᠤᠴᠢᠨ ᠪᠣᠳᠠᠰ ᠢ ᠲᠠᠲᠠᠵᠤ ᠰᠢᠨ᠎ᠡ ᠪᠦᠲᠦᠭᠡᠭᠳᠡᠬᠦᠨ ᠢ ᠰᠣᠯᠢᠵᠤ ᠠᠪᠴᠢᠷᠠᠭᠰᠠᠨ ᠬᠡᠷᠡᠭᠯᠡᠭᠴᠢᠳ | ᠲᠠᠰᠤᠷᠠᠯᠳᠡ ᠦᠭᠡᠢ ᠣᠯᠠᠰᠢᠷᠠᠵᠤ᠂ ᠠᠰᠢᠭ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢᠨ ᠪᠣᠷᠣᠯᠠᠭᠤᠯᠤᠭᠴᠢ ᠶᠢ | ᠮᠠᠰᠢ ᠶᠠᠭᠠᠷᠠᠬᠤ ᠲᠤᠬᠠᠢ ᠲᠠᠶᠢᠯᠪᠤᠷᠢᠯᠠᠨ ᠶᠠᠷᠢᠪᠠ᠃ ᠬᠤᠩ ᠮᠤᠤ ᠪᠠᠯᠭᠠᠰᠤᠨ ᠳᠤ ᠰᠠᠭᠤᠵᠤ ᠪᠠᠶᠢᠭ᠎ᠠ ᠢᠦᠶ ᠬᠤᠩ | ᠢᠦᠶ ᠶᠠᠭ ᠲᠡᠷᠭᠡ ᠶᠢ ᠦᠵᠡᠵᠦ ᠪᠠᠶᠢᠨ᠎ᠠ᠃ | ᠬᠡᠷᠡᠭᠯᠡᠭᠴᠢ ᠢᠦᠢ ᠬᠤᠩ ᠢᠦᠢ ᠨᠥᠬᠦᠪᠥᠷᠢ ᠣᠯᠤᠭᠰᠠᠨ ᠢ ᠮᠡᠳᠡᠨ᠎ᠡ᠂ ᠢᠷᠡᠵᠦ ᠴᠠᠬᠢᠯᠭᠠᠨ ᠲᠡᠷᠭᠡ ᠬᠤᠳᠠᠯᠳᠤᠨ | ᠠᠪᠤᠭᠰᠠᠨ᠂ ᠤᠤᠯ ᠤᠨ ᠦᠨ᠎ᠡ ᠨᠢ 3000 ᠲᠥᠭᠦᠷᠢᠭ᠂ ᠤᠯᠤᠰ ᠠᠴᠠ 500 ᠲᠥᠭᠦᠷᠢᠭ ᠨᠥᠬᠦᠪᠥᠷᠢᠯᠡᠵᠦ᠂ | ᠮᠢᠨᠦ ᠬᠠᠭᠤᠴᠢᠨ ᠴᠠᠬᠢᠯᠭᠠᠨ ᠲᠡᠷᠭᠡ ᠪᠠᠰᠠ 500 ᠲᠥᠭᠦᠷᠢᠭ ᠲᠤᠯᠵᠤ᠂ 2000 ᠲᠥᠭᠦᠷᠢᠭ ᠵᠠᠷᠤᠴᠠᠭᠤᠯᠵᠤ | ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠨ ᠠᠪᠤᠭᠰᠠᠨ ᠲᠠᠢ ᠠᠳᠠᠯᠢ᠂ ᠶᠠᠰᠤ ᠴᠢᠨᠠᠷ ᠨᠢ ᠪᠠᠰᠠᠮᠠᠰᠢ ᠰᠠᠶᠢᠨ᠂ | ᠴᠠᠬᠢᠯᠭᠠᠨ ᠬᠥᠳᠡᠯᠭᠡᠭᠦᠷᠲᠦ ᠲᠡᠷᠭᠡ ᠶᠢᠨ ᠰᠠᠷᠠᠯ ᠤᠨ ᠬᠠᠷᠢᠴᠠᠯ ᠨᠢ ᠴᠦ ᠲᠣᠬᠢᠷᠠᠮᠵᠢᠲᠠᠢ᠂ ᠡᠶᠢᠮᠦ ᠠᠴᠠ ᠪᠢ ᠡᠷᠡᠰ | ᠰᠢᠭᠤᠷᠬᠠᠢ ᠪᠠᠷ ᠬᠤᠳᠠᠯᠳᠤᠨ ᠠᠪᠴᠠᠢ᠃ | ᠭᠡᠷ ᠤᠨ ᠴᠠᠬᠢᠯᠭᠠᠨ ᠬᠡᠷᠡᠭᠰᠡᠯ ᠪᠣᠯ ᠡᠩ ᠤᠨ ᠬᠡᠷᠡᠭᠯᠡᠭᠴᠢᠳ ᠲᠠᠢ ᠬᠠᠮᠤᠭ ᠠᠴᠠ ᠤᠶᠢᠷᠠᠳᠤᠵᠦ ᠪᠠᠶᠢᠭ᠎ᠠ | ᠬᠠᠭᠤᠴᠢᠨ ᠢᠶᠠᠷ ᠰᠢᠨ᠎ᠡ ᠶᠢ ᠰᠤᠯᠢᠬᠤ ᠦᠢᠯᠡᠳᠬᠦᠨ ᠪᠣᠯᠤᠨ᠎ᠠ᠂ ᠬᠠᠭᠤᠴᠢᠨ ᠪᠠᠷᠠᠭ᠎ᠠ ᠶᠢ ᠨᠢ ᠪᠡᠯᠡᠨ ᠪᠣᠯᠭᠠᠵᠤ᠂ | ᠵᠠᠰᠠᠭ ᠤᠨ ᠣᠷᠳᠣᠨ ᠨᠥᠬᠦᠪᠥᠷᠢ ᠥᠭᠴᠦ᠂ ᠬᠤᠳᠠᠯᠳᠤᠭᠠᠴᠢᠨ ᠠᠰᠢᠭ ᠣᠯᠵᠤ᠂ ︽ᠬᠢᠮᠳᠠ ᠪᠠᠷ ᠨᠤᠭᠤᠯᠵᠤ | ᠪᠣᠳᠣᠬᠤ︾ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠨᠢ ᠬᠡᠷᠡᠭᠯᠡᠭᠴᠢᠳ ᠲᠤ ᠬᠠᠮᠤᠭ ᠤᠨ ᠳᠣᠣᠷ᠎ᠠ | ᠬᠡᠷᠡᠭᠯᠡᠭᠡᠨ ᠤ ᠦᠨ᠎ᠡ ᠶᠢ ᠡᠳ᠋ᠯᠡᠭᠦᠯᠬᠦ ᠪᠠᠷ ᠪᠠᠷᠠᠬᠤ ᠦᠭᠡᠢ᠂ ᠪᠠᠰᠠ ᠬᠤᠳᠠᠯᠳᠤᠬᠤ ᠠᠵᠤ ᠠᠬᠤᠶᠢᠯᠠᠯ ᠳᠤ ᠨᠡᠩ | ᠶᠡᠭᠡ ᠰᠢᠨ᠎ᠡ ᠠᠷᠠᠯᠵᠢᠶᠠᠨ ᠤ ᠲᠣᠬᠢᠶᠠᠯ ᠢ ᠠᠪᠴᠢᠷᠠᠵᠤ ᠥᠭᠴᠡᠢ᠃ ᠬᠠᠶ ᠡᠯ ᡁᠢ ᠵᠢᠶᠠ ᠪᠣᠷᠣᠯᠠᠭᠤᠯᠤᠭᠴᠢ ᠮᠧᠩ | ᡁᠢ ᠹᠠᠩ ᠮᠠᠨ ᠤ 2025 ᠣᠨ ᠳᠤ ᠤᠯᠤᠰ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠳᠡᠮᠵᠢᠨ | ᠵᠢᠱᠢᠭᠰᠡᠨ ᠤ ᠬᠢ ᠠᠴᠠ ᠪᠠᠰᠠ ᠰᠠᠶᠢᠨ ᠪᠠᠶᠢᠨ᠎ᠠ᠂ ᠡᠨᠡ ᠤᠳᠠᠭᠠᠨ ᠤ ᠨᠥᠬᠦᠪᠥᠷᠢ ᠨᠢ ᠦᠢᠯᠡᠳᠪᠦᠷᠢ ᠶᠢᠨ ᠨᠥᠬᠦᠪᠥᠷᠢ | ᠮᠥᠨ᠂ ᠦᠢᠯᠡᠳᠪᠦᠷᠢ ᠶᠢᠨ ᠨᠥᠬᠦᠪᠥᠷᠢ ᠶᠢᠨ ᠰᠠᠭᠤᠷᠢᠨ ᠳᠡᠭᠡᠷ᠎ᠡ ᠴᠤ ᠬᠥᠳᠡᠯᠭᠡᠭᠡᠨ ᠬᠢᠵᠦ᠂ ᠡᠨᠡ ᠬᠤᠶᠠᠷ ᠰᠠᠭᠤᠷᠢᠨ | ᠳᠡᠭᠡᠷ᠎ᠡ ᠵᠠᠰᠠᠭ ᠤᠨ ᠣᠷᠳᠣᠨ ᠠᠴᠠ ᠳᠠᠬᠢᠨ 20% ᠪᠠᠷ ᠨᠥᠬᠦᠪᠥᠷᠢ ᠥᠭᠴᠦ᠂ ᠣᠯᠠᠨ ᠢᠶᠠᠷ ᠢᠶᠠᠨ ᠬᠡᠷᠡᠭᠴᠡᠭᠡ | ᠪᠠᠶᠢᠪᠠᠯ ᠳᠡᠯᠭᠡᠭᠦᠷ ᠲᠤ ᠣᠷᠣᠵᠤ ᠠᠰᠠᠭᠤᠨ ᠯᠠᠪᠯᠠᠵᠤ᠂ ᠪᠢᠳᠡ ᠵᠣᠴᠢᠨ ᠨᠢᠭᠡᠪᠦᠷᠢ ᠳᠤ ᠰᠠᠶᠢᠲᠤᠷ ᠦᠢᠯᠡᠴᠢᠯᠡᠬᠦ | ᠪᠣᠯᠤᠨ᠎ᠠ᠃ | ᠣᠶᠢᠯᠠᠭᠠᠭᠰᠠᠨ ᠢᠶᠠᠷ᠂ 2025 ᠣᠨ ᠳᠤ ᠬᠡᠷ ᠤᠨ ᠴᠠᠬᠢᠯᠭᠠᠨ ᠬᠡᠷᠡᠭᠰᠡᠯ ᠵᠢᠴᠢ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠨᠢ 1 | ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠤᠨ᠎ᠠ᠃ ᠬᠡᠷᠡᠭᠯᠡᠭᠴᠢᠳ ᠠᠵᠤ ᠠᠬᠤᠶᠢᠯᠠᠯ ᠤᠨ | ᠡᠭᠦᠳᠡᠨ ᠳᠡᠯᠭᠡᠭᠦᠷ ᠲᠤ ᠴᠠᠬᠢᠯᠭᠠᠨ ᠬᠥᠷᠥᠭᠡᠭᠦᠷ᠂ ᠬᠤᠪᠴᠠᠰᠤ ᠤᠬᠢᠶᠠᠬᠤ ᠮᠠᠰᠢᠨ ᠵᠡᠷᠭᠡ 12 ᠲᠥᠷᠥᠯ ᠤᠨ | ᠬᠡᠷ ᠤᠨ ᠴᠠᠬᠢᠯᠭᠠᠨ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠪᠠ ᠴᠥᠮ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠭᠥᠷᠳᠡᠵᠦ ᠪᠣᠯᠤᠨ᠎ᠠ᠂ ᠶᠢᠨ ᠯᠢᠶᠠᠨ ᠶᠦᠨ ᠱᠠᠨ ᠹᠦ᠋ App | ︵ᠵᠢᠵᠢᠭ ᠫᠷᠤᠭ᠍ᠷᠠᠮ︶ ᠢᠶᠠᠷ ᠳᠠᠮᠵᠢᠭᠤᠯᠤᠨ ᠬᠠᠭᠤᠴᠢᠨ ᠢ ᠪᠣᠷᠣᠯᠠᠭᠤᠯᠬᠤ᠂ ᠰᠢᠨ᠎ᠡ ᠶᠢ ᠬᠤᠳᠠᠯᠳᠤᠨ ᠠᠪᠬᠤ ᠪᠠ | ᠲᠣᠭᠠᠴᠠᠭ᠎ᠠ ᠬᠢᠬᠦ ᠶᠢ ᠪᠡᠶᠡᠯᠡᠭᠦᠯᠵᠦ ᠪᠣᠯᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |