ᠯᠢᠶᠠᠩᠴᠧᠩ ᠰᠢᠶᠠᠨ 2 ᠳ᠋ᠣᠭᠠᠷ ᠰᠠᠷ᠎ᠠ ᠳᠤ 45 ᠬᠥᠮᠦᠨ ᠳᠤ ᠠᠵᠢᠯ ᠠᠯᠳᠠᠭᠰᠠᠳ ᠤᠨ ᠮᠥᠩᠭᠦ ᠪᠠ ᠳᠤᠯᠠᠭᠠᠯᠠᠭ᠎ᠠ ᠶᠢᠨ ᠰᠦᠢᠳᠬᠡᠯ 9.56 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2025/2/25
    ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤᠯᠤᠰ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠲᠠᠬᠢᠨ ᠠᠵᠢᠯ ᠣᠯᠭᠤᠯᠲᠠ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠠᠵᠢᠯ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠵᠦ᠂ ᠠᠷᠠᠳ ᠤᠯᠠᠨ ᠤ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠢᠯᠠᠩᠭᠤᠶ᠎ᠠ ᠠᠵᠢᠯ ᠠᠯᠳᠠᠭᠰᠠᠳ ᠤᠨ ᠮᠥᠩᠭᠦ ᠶᠢ ᠭᠦᠢᠴᠡᠳ ᠳᠤᠭ᠎ᠠ ᠪᠠᠷ᠂ ᠴᠠᠭ ᠲᠤᠬᠠᠶ ᠳᠤᠨᠢ ᠲᠠᠷᠬᠠᠭᠠᠵᠤ᠂ ᠨᠠᠩ ᠴᠤ ᠠᠵᠢᠯ ᠠᠯᠳᠠᠭᠰᠠᠳ ᠤᠨ ᠴᠢᠷᠠᠶ ᠳᠤ ᠬᠠᠨᠤᠮᠵᠢᠲᠠᠶ ᠢᠨᠢᠶᠡᠮᠰᠦᠭᠯᠡᠯ ᠲᠣᠳᠣᠷᠠᠪᠠ᠃ ︽ᠤᠯᠤᠰ ᠠᠴᠠ ᠮᠠᠨ ᠤ ᠠᠵᠢᠯ ᠠᠯᠳᠠᠭᠰᠠᠳ ᠲᠤ ᠠᠪᠤᠭᠰᠠᠨ ᠲᠥᠷᠥ ᠶᠢᠨ ᠪᠣᠳᠤᠯᠭ᠎ᠠ ᠨᠢ ᠦᠨᠡᠨ ᠰᠠᠶᠢᠨ ᠪᠠᠶᠢᠨ᠎ᠠ︕ ᠪᠢ ᠠᠵᠢᠯ ᠠᠯᠳᠠᠭᠰᠠᠨ ᠤ ᠳᠠᠷᠠᠭ᠎ᠠ ᠪᠠᠰᠠ 8 ᠰᠠᠷ᠎ᠠ ᠶᠢᠨ ᠠᠵᠢᠯ ᠠᠯᠳᠠᠭᠰᠠᠳ ᠤᠨ ᠮᠥᠩᠭᠦ ᠤᠯᠵᠤ᠂ ᠪᠠᠰᠠ ᠠᠵᠢᠯ ᠠᠯᠳᠠᠭᠰᠠᠨ ᠮᠦᠩᠬᠦ ᠶᠢᠨ ᠲᠣᠬᠢᠷᠠᠭᠤᠯᠤᠯᠲᠠ ᠳᠤ ᠵᠠᠪᠳᠤᠵᠤ᠂ ᠰᠠᠷ᠎ᠠ ᠪᠦᠷᠢ 2156.5 ᠲᠥᠭᠦᠷᠢᠭ ᠤᠨ ᠠᠵᠢᠯ ᠠᠯᠳᠠᠭᠰᠠᠳ ᠤᠨ ᠮᠥᠩᠭᠦ ᠪᠠ ᠳᠤᠯᠠᠭᠠᠯᠠᠭ᠎ᠠ ᠶᠢᠨ ᠵᠠᠷᠤᠳᠠᠯ ᠣᠯᠵᠤ᠂ 2 ᠳ᠋ᠣᠭᠠᠷ ᠰᠠᠷ᠎ᠠ ᠪᠤᠯ ᠮᠢᠨᠦ ᠮᠦᠩᠬᠦ ᠠᠪᠤᠭᠰᠠᠨ ᠨᠢᠭᠡᠳᠦᠭᠡᠷ ᠰᠠᠷ᠎ᠠ ᠪᠣᠯᠤᠨ᠎ᠠ᠃ ᠡᠨᠡ ᠨᠢ ᠪᠠᠰᠠ ᠮᠢᠨᠦ ᠠᠵᠢᠯ ᠠᠯᠳᠠᠭᠰᠠᠨ ᠤ ᠳᠠᠷᠠᠭᠠᠬᠢ ᠪᠠᠴᠢᠮ ᠪᠠᠢᠳᠠᠯ ᠢ ᠰᠢᠢᠳᠪᠦᠷᠢᠯᠡᠵᠦ ᠴᠢᠳᠠᠨ᠎ᠠ ᠁︾ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ ᠶᠡᠭᠡ ᠲᠢᠩᠬᠢᠮ ᠳᠤ ᠠᠵᠢᠯ ᠠᠯᠳᠠᠭᠰᠠᠳ ᠤᠨ ᠯᠢ ᠯᠢ ᠶᠢᠩ ᠪᠠᠶᠠᠷᠲᠠᠢ ᠪᠠᠷ ᠪᠤᠰᠤᠳ ᠬᠥᠮᠦᠰ ᠲᠠᠢ ᠶᠠᠷᠢᠯᠴᠠᠵᠤ ᠪᠠᠶᠢᠯ᠎ᠠ᠃ 2 ᠳ᠋ᠣᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠣᠰ ᠰᠠᠷ᠎ᠠ ᠳᠤ ᠨᠡᠶᠢᠲᠡ 45 ᠬᠥᠮᠦᠨ ᠳᠤ ᠠᠵᠢᠯ ᠠᠯᠳᠠᠭᠰᠠᠳ ᠤᠨ ᠮᠥᠩᠭᠦ ᠪᠠ ᠳᠤᠯᠠᠭᠠᠯᠠᠭ᠎ᠠ ᠶᠢᠨ ᠵᠠᠷᠤᠳᠠᠯ 9.56 ᠲᠦᠮᠡᠨ ᠲᠥᠭᠦᠷᠢᠭ ᠲᠠᠷᠬᠠᠭᠠᠵᠤ᠂ ᠲᠣᠰ ᠰᠠᠷ᠎ᠠ ᠳᠤ ᠰᠢᠨ᠎ᠡ ᠪᠠᠷ ᠨᠡᠮᠡᠭᠳᠡᠭᠰᠡᠨ 1 ᠬᠥᠮᠦᠨ ᠪᠠᠶᠢᠨ᠎ᠠ᠃ ᠲᠤᠰ ᠰᠠᠷ᠎ᠠ ᠳᠤ 23 ᠬᠥᠮᠦᠨ ᠳᠤ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠶᠢ 1.56 ᠲᠦᠮᠡᠨ ᠲᠥᠭᠦᠷᠢᠭ ᠣᠷᠣᠯᠠᠨ ᠲᠤᠰᠢᠶᠠᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠭᠦᠢᠴᠡᠳ ᠲᠤᠭ᠎ᠠ ᠪᠠᠷ ᠴᠠᠭ ᠲᠤᠬᠠᠶ ᠳᠤᠨᠢ ᠣᠯᠭᠤᠰᠠᠨ ᠨᠢ ᠬᠥᠳᠡᠯᠮᠦᠷᠢᠯᠡᠭᠴᠢ ᠶᠢᠨ ᠠᠵᠢᠯ ᠠᠯᠳᠠᠭᠰᠠᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠳᠤᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠵᠣᠪᠠᠨᠢᠯ ᠢ ᠨᠢ ᠰᠢᠢᠳᠪᠦᠷᠢᠯᠡᠵᠤ ᠥᠭᠪᠡ᠃                        ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2