2 ᠰᠠᠷ᠎ᠠ ᠶᠢᠨ 24 ᠤ ᠡᠳᠦᠷ᠂ ᠯᠢᠶᠠᠩᠴᠧᠩ ᠰᠢᠶᠠᠨ ᠤ ᠠᠯᠪᠠᠲᠠᠨ ᠤ ᠨᠡᠶᠢᠲᠡᠯᠢᠭ ᠬᠡᠯᠡ ᠶᠢᠨ ᠬᠢᠷᠢ | ᠲᠦᠪᠰᠢᠨ ᠤ ᠰᠢᠯᠭᠠᠯᠲᠠ ᠶᠢᠨ ᠪᠣᠯᠪᠠᠰᠤᠷᠠᠯ ᠤᠨ ᠠᠩᠭᠢ ᠡᠬᠢᠯᠡᠵᠦ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠪᠥᠬᠦ ᠰᠢᠶᠠᠨ ᠤ | ᠡᠯ᠎ᠡ ᠰᠠᠯᠠᠭ᠎ᠠ ᠮᠥᠴᠢᠷ ᠤᠨ 360 ᠭᠠᠷᠤᠶ ᠠᠯᠪᠠᠲᠠᠨ ᠣᠷᠣᠯᠴᠠᠵᠠᠶ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ ᠶᠢᠨ | ᠨᠡᠪᠲᠡᠷᠡᠭᠦᠯᠭᠡ ᠶᠢ ᠤᠷᠢᠵᠤ ᠲᠤᠰᠬᠠᠶ ᠮᠡᠷᠭᠡᠵᠢᠯ ᠤᠨ ᠪᠠᠭᠰᠢ᠂ ᠤᠯᠤᠰ ᠤᠨ ᠲᠠᠰ ᠤᠨ ᠨᠡᠶᠢᠲᠡᠯᠢᠭ ᠬᠡᠯᠡᠨ ᠤ | ᠰᠢᠯᠭᠠᠭᠴᠢ ᠮᠦᠸᠧ ᠪᠦᠦ ᠱᠤ᠋ ᠬᠢᠴᠢᠶᠡᠯ ᠣᠷᠣᠭᠤᠯᠪᠠ᠃ ᠪᠣᠯᠪᠠᠰᠣᠷᠠᠯ ᠤᠨ ᠠᠭᠤᠯᠭ᠎ᠠ ᠳᠤ ᠠᠪᠢᠶᠠᠯᠠᠬᠤ ᠲᠦᠷᠢᠮᠵᠢᠯ᠂ | ᠦᠭᠡᠰ ᠤᠨ ᠰᠠᠩ ᠤᠨ ᠬᠡᠯᠡᠨ ᠵᠦᠢ᠂ ᠣᠩᠰᠢᠨ ᠣᠩᠰᠢᠬᠤ ᠤᠷ᠎ᠠ ᠮᠡᠷᠭᠡᠵᠢᠯ ᠵᠡᠷᠭᠡ ᠲᠠᠯ᠎ᠠ ᠶᠢ ᠬᠠᠮᠣᠷᠴᠦ᠂ | ᠠᠯᠪᠡᠳᠡᠨ ᠤ ᠡᠳᠣᠷ ᠲᠣᠳᠣᠮ ᠤᠨ ᠠᠵᠢᠯ ᠲᠣᠮᠳᠠᠬᠢ ᠦᠬᠡ ᠬᠡᠯᠡ ᠬᠡᠷᠡᠭᠯᠡᠬᠦ ᠪᠠᠶᠢᠳᠠᠯ ᠳᠤ ᠴᠢᠭᠯᠡᠬᠦᠯᠦᠨ ᠣᠨᠣᠯ ᠤᠨ | ᠲᠠᠶᠢᠯᠣᠮᠵᠢ᠂ ᠠᠬᠤᠢ ᠲᠠᠯᠠᠪᠣᠷ ᠲᠤ ᠲᠠᠭᠤᠷᠢᠶᠠᠯ ᠦᠵᠡᠬᠦᠯᠬᠦ᠂ ᠬᠠᠷᠢᠯᠴᠠᠨ ᠦᠢᠯᠡᠳᠦᠯᠴᠡᠬᠦ ᠪᠣᠯᠪᠠᠰᠣᠷᠠᠯ ᠬᠢᠬᠦ ᠵᠡᠷᠭᠡ | ᠣᠯᠠᠨ ᠲᠦᠷᠦᠯ ᠤᠨ ᠵᠢᠭᠠᠨ ᠰᠣᠷᠭᠠᠯᠳᠠ ᠶᠢᠨ ᠠᠷᠭ᠎ᠠ ᠶᠢ ᠠᠪᠴᠦ᠂ ᠰᠣᠷᠣᠭᠴᠢᠳ ᠲᠤ ᠪᠠᠷᠢᠮᠵᠢᠶ᠎ᠠ ᠠᠪᠢᠶ᠎ᠠ ᠪᠠᠷ | ᠪᠠᠷᠢᠮᠵᠢᠶ᠎ᠠ ᠪᠣᠯᠭᠠᠬᠤ ᠪᠠ ᠢᠯᠡᠳᠭᠡᠬᠦ ᠮᠡᠷᠭᠡᠵᠢᠯ ᠢ ᠣᠬᠤᠷ ᠬᠤᠭᠤᠴᠠᠭᠠᠨ ᠲᠣᠳᠣᠷ᠎ᠠ ᠡᠵᠡᠮᠰᠢᠬᠦ ᠪᠠᠷ ᠴᠢᠷᠮᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠠᠩᠭᠢ 3 ᠡᠳᠦᠷ ᠶᠠᠪᠤᠭᠳᠠᠵᠤ᠂ ᠪᠣᠯᠪᠠᠰᠤᠷᠠᠯ | ᠳᠠᠭᠤᠰᠤᠭᠰᠠᠨ ᠤ ᠳᠠᠷᠠᠭ᠎ᠠ ᠰᠤᠷᠤᠭᠴᠢᠳ ᠢ ᠵᠣᠬᠢᠶᠠᠨ ᠪᠠᠶᠢᠭᠤᠯᠤᠨ ᠨᠡᠶᠢᠲᠡᠯᠢᠭ ᠬᠡᠯᠡᠨ ᠤ ᠬᠢᠷᠢ ᠲᠦᠪᠰᠢᠨ ᠤ | ᠰᠢᠯᠭᠠᠯᠲᠠ ᠳᠤ ᠣᠷᠣᠯᠴᠠᠭᠤᠯᠵᠤ᠂ ᠬᠢᠷᠢ ᠲᠡᠩᠴᠡᠭᠰᠡᠳ ᠲᠤ ᠵᠣᠬᠢᠴᠠᠩᠭᠤᠶ ᠨᠡᠶᠢᠲᠡᠯᠢᠭ ᠬᠡᠯᠡᠨ ᠤ ᠲᠠᠰ ᠤᠨ ᠦᠨᠡᠮᠯᠡᠯ | ᠣᠯᠭᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |