ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠬᠤ ᠶᠢ ᠳᠠᠭᠠᠯᠳᠤᠨ᠂ 2 ᠰᠠᠷ᠎ᠠ ᠶᠢᠨ 24 ᠤ ᠡᠳᠦᠷ᠂ | ᠯᠢᠶᠠᠩᠴᠧᠩ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ | ᠡᠳᠦᠷ ᠢᠶᠠᠨ ᠤᠭᠲᠤᠨ ᠠᠪᠴᠢᠷᠠᠵᠤ᠂ ᠰᠤᠷᠤᠭᠴᠢᠳ ᠰᠢᠨ᠎ᠡ ᠰᠤᠷᠤᠯᠴᠠᠬᠤ ᠠᠶᠠᠨ ᠢᠶᠠᠨ ᠡᠬᠢᠯᠡᠭᠦᠯᠪᠡ᠃ | | | | | | ᠯᠢᠶᠠᠩᠴᠧᠩ ᠰᠢᠶᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ᠂ ᠰᠤᠷᠭᠠᠭᠤᠯᠢ ᠶᠢᠨ ᠬᠦᠷᠢᠶᠡᠨ ᠳᠤ ᠭᠦᠨ | ᠵᠤᠵᠠᠭᠠᠨ ᠰᠤᠷᠤᠯᠴᠠᠬᠤ ᠠᠭᠤᠷ ᠠᠮᠢᠰᠬᠤᠯ ᠢᠶᠠᠷ ᠪᠢᠯᠬᠠᠵᠤ᠂ ᠬᠢᠴᠢᠶᠡᠯ ᠤᠨ ᠭᠡᠷ ᠤᠨ ᠲᠣᠭᠤᠷᠢᠭ ᠲᠤ ᠣᠷᠣᠵᠤ᠂ ᠡᠯ᠎ᠡ | ᠠᠩᠭᠢ ᠶᠢᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠶᠠᠭ ᠰᠠᠶᠢᠬᠠᠨ ᠶᠠᠪᠤᠭᠳᠠᠵᠤ ᠪᠠᠶᠢᠯ᠎ᠠ᠃ ᠠᠳᠠᠯᠢ ᠪᠤᠰᠤ ᠣᠨ ᠤ | ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠨᠢ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠰᠤᠷᠤᠭᠴᠢᠳ ᠴᠤᠭ | ᠵᠢᠪᠬᠤᠭ᠎ᠠ ᠲᠡᠭᠦᠯᠳᠡᠷ ᠪᠠᠶᠢᠵᠤ᠂ ᠪᠦᠬᠦ ᠠᠩᠬᠠᠷᠤᠯ ᠢᠶᠠᠨ ᠲᠥᠪᠯᠡᠷᠡᠭᠦᠯᠦᠨ ᠪᠠᠭᠰᠢ ᠶᠢᠨ ᠲᠠᠶᠢᠯᠤᠮᠵᠢ ᠶᠢ ᠰᠣᠨᠣᠰᠴᠤ᠂ | ᠢᠳᠡᠪᠬᠢᠲᠡᠢ ᠪᠠᠷ ᠥᠭᠡᠳᠡᠯᠡᠨ ᠲᠠᠪᠰᠢᠬᠤ ᠰᠤᠷᠤᠯᠴᠠᠯᠭ᠎ᠠ ᠶᠢᠨ ᠳᠦᠷᠰᠦ ᠪᠠᠶᠢᠳᠠᠯ ᠢ ᠢᠯᠡᠷᠡᠭᠦᠯᠪᠡ᠃ | | | | | | | | ᠯᠢᠶᠠᠩᠴᠧᠩ ᠰᠢᠶᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠯᠢᠦ ᠵᠢᠶᠦ᠋ᠨ ᠵᠢᠶᠧ᠄ ︽ | ᠯᠢᠶᠠᠩᠴᠧᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠰᠤᠷᠭᠠᠭᠤᠯᠢ ᠡᠷᠭᠢᠯᠡᠬᠦ ᠠᠵᠢᠯᠯᠠᠭ᠎ᠠ ᠪᠠᠨ ᠤᠯᠠᠮ ᠨᠢᠭᠡ ᠠᠯᠬᠤᠮ | ᠵᠢᠷᠤᠮᠵᠢᠭᠤᠯᠤᠨ᠎ᠠ᠂ ᠨᠢᠭᠡ ᠳᠤ᠂ ᠡᠯ᠎ᠡ ᠲᠥᠷᠥᠯ ᠤᠨ ᠬᠢᠴᠢᠶᠡᠯ ᠢ ᠭᠦᠢᠴᠡᠳ ᠨᠡᠭᠡᠭᠡᠵᠦ᠂ ᠭᠤᠷᠪᠠᠨ ᠲᠠᠮᠢᠷ ᠪᠠ | ᠰᠤᠷᠤᠭᠴᠢᠳ ᠤᠨ ᠬᠢᠴᠢᠶᠡᠯ ᠤᠨ ᠬᠤᠭᠤᠷᠣᠨᠳᠣᠬᠢ ᠠᠵᠢᠯᠯᠠᠭ᠎ᠠ ᠶᠢ ᠰᠠᠶᠢᠲᠤᠷ ᠬᠢᠵᠦ᠂ ︿ᠬᠤᠶᠠᠷ ᠢ ᠬᠥᠩᠭᠡᠷᠡᠭᠦᠯᠬᠦ﹀ | ᠲᠥᠷᠥ ᠶᠢᠨ ᠪᠣᠳᠣᠯᠭ᠎ᠠ ᠪᠠ ᠲᠠᠪᠤᠨ ᠵᠦᠢᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ | ᠬᠤᠶᠠᠳᠤᠭᠠᠷ ᠲᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ | ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠰᠤᠷᠭᠠᠭᠤᠯᠢ ᠪᠠᠷ ᠢᠶᠠᠨ ᠬᠥᠮᠦᠰ ᠤᠨ | ᠰᠡᠳᠬᠢᠯ ᠢ ᠳᠠᠪᠠᠭ᠋ᠤ ᠶᠢ ᠪᠠᠲᠤᠯᠠᠵᠤ᠂ ᠬᠥᠭᠡᠭᠡᠵᠦ ᠭᠦᠢᠴᠡᠨ ᠳᠠᠪᠠᠵᠤ ᠭᠠᠷᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠤᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠭᠤᠷᠪᠠ ᠳᠤ᠂ ᠳᠣᠲᠣᠭᠠᠳᠤ ᠶᠢᠨ ᠬᠥᠭᠵᠢᠯᠲᠡ ᠶᠢᠨ ᠣᠷᠴᠢᠨ | ᠨᠥᠬᠦᠴᠡᠯ ᠢ ᠴᠢᠷᠮᠠᠶᠢᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢ ᠰᠢᠯᠢᠳᠡᠭ ᠬᠢᠷᠢ ᠪᠦᠲᠦᠮᠵᠢ ᠶᠢ | ᠰᠢᠯᠭᠠᠨ ᠭᠠᠷᠭᠠᠵᠤ᠂ ᠬᠡᠷ ᠤᠨ ᠠᠬᠠᠮᠠᠳ᠂ ᠨᠡᠶᠢᠭᠡᠮ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠴᠢᠨᠠᠷ ᠰᠠᠶᠢᠲᠠᠶ ᠣᠨᠴᠠᠯᠢᠭ ᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ | ᠬᠠᠩᠭᠠᠨ᠎ᠠ︾ ᠭᠡᠵᠡᠶ᠃ | | | | | | | | ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ᠂ ᠪᠦᠬᠦ ᠰᠤᠷᠭᠠᠭᠤᠯᠢ ᠶᠢᠨ ᠰᠤᠷᠤᠭᠴᠢᠳ ᠴᠡᠪᠡᠷ | ᠴᠡᠮᠴᠡᠭᠡᠷ ᠰᠤᠷᠭᠠᠭᠤᠯᠢ ᠶᠢᠨ ᠬᠤᠪᠴᠠᠰᠤ ᠪᠠᠨ ᠡᠮᠦᠰᠴᠦ ᠲᠠᠮᠢᠷ ᠤᠨ ᠲᠠᠯᠠᠪᠠᠢ ᠳᠤ ᠴᠤᠭᠯᠠᠷᠠᠵᠤ᠂ ᠴᠢᠷᠠᠢ ᠳᠤᠨᠢ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠬᠦᠰᠡᠯ ᠡᠷᠡᠮᠡᠯᠵᠡᠯ ᠢᠶᠠᠷ ᠪᠢᠯᠬᠠᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠢ ᠬᠠᠮᠲᠤᠪᠠᠷ ᠤᠭᠲᠤᠪᠠ᠃ ᠬᠡᠩᠭᠡᠷᠭᠡ ᠶᠢᠨ ᠠᠩᠭᠢ ᠶᠢᠨ ᠬᠠᠩᠭᠢᠨᠠᠮ᠎ᠠ | ᠬᠡᠩᠭᠡᠷᠭᠡ ᠶᠢᠨ ᠴᠡᠭ ᠲᠤ ᠳᠠᠭᠠᠯᠳᠤᠵᠤ᠂ ᠲᠠᠪᠤᠨ ᠣᠳᠣᠲᠤ ᠤᠯᠠᠭᠠᠨ ᠲᠤᠭ ᠤᠯᠤᠰ ᠤᠨ ᠳᠠᠭᠤᠤ ᠶᠢᠨ ᠠᠶᠠᠰ ᠳᠤᠮᠳᠠ | ᠠᠯᠭᠤᠷᠬᠠᠨ ᠮᠠᠨᠳᠤᠵᠤ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠥᠪ ᠵᠣᠭᠰᠣᠵᠤ᠂ ᠤᠯᠤᠰ ᠤᠨ ᠲᠤᠭ ᠵᠦᠭ | ᠰᠢᠷᠲᠡᠬᠦ ᠶᠣᠰᠣ ᠬᠢᠪᠡ᠃ ᠡᠨᠡ ᠬᠦ ᠴᠠᠭ ᠮᠥᠴᠡ ᠳᠤ᠂ ᠬᠥᠮᠦᠨ ᠨᠢᠭᠡᠪᠦᠷᠢ ᠶᠢᠨ ᠰᠡᠳᠬᠢᠯ ᠳᠤ ᠴᠥᠮ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠲᠤᠬᠠᠢ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠯ᠎ᠠ᠃ | | | | | ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠯᠢᠶᠠᠨ ᠮᠧᠶ ᠴᠦᠨ᠄ ︽ᠰᠢᠨ᠎ᠡ | ᠰᠤᠷᠤᠯᠭ᠎ᠠ ᠶᠢᠨ ᠬᠤᠭᠤᠴᠠᠭ᠎ᠠ ᠳᠤ᠂ ᠪᠢ ᠰᠤᠷᠤᠯᠴᠠᠬᠤ ᠬᠠᠷᠠᠯᠲᠠ ᠪᠠᠨ ᠲᠣᠭᠲᠠᠭᠠᠭᠰᠠᠨ ᠪᠥᠭᠡᠳ ᠰᠤᠷᠤᠯᠭ᠎ᠠ | ᠠᠮᠢᠳᠤᠷᠠᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠲᠠᠢ ᠪᠣᠯᠵᠣ᠂ ᠴᠠᠭ ᠢᠶᠠᠨ ᠵᠦᠶ ᠵᠣᠬᠢᠰᠲᠠᠶ | ᠳᠣᠭᠢᠷᠠᠭᠤᠯᠤᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠪᠡᠶ᠎ᠡ ᠮᠠᠬᠠᠪᠣᠳ ᠢᠶᠠᠨ ᠨᠡᠮᠡᠭᠳᠡᠭᠦᠯᠦᠨ᠂ ᠰᠢᠨ᠎ᠡ | ᠴᠠᠭ ᠦᠶ᠎ᠡ ᠶᠢᠨ ᠰᠠᠶᠢᠨ ᠪᠠᠭᠠᠴᠤᠳ ᠪᠣᠯᠤᠨ᠎ᠠ ︾ ᠭᠡᠵᠦ ᠬᠡᠯᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | | |