2 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ | ᠳ᠋ᠦᠩ ᠫᠢᠩ ᠮᠧᠩ ᠳ᠋ᠢ ᠰᠦ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠯᠢ ᠶᠧ ᠵᠢᠶᠠ | ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ | ᠰᠤᠳᠤᠯᠪᠠ᠃ ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ᠂ ᠲᠢᠶᠠᠨ ᠳ᠋ᠦᠩ ᠪᠥᠸᠧ ᠪᠠᠷ᠎ᠠ ᠪᠣᠯᠪᠠ᠃ ᠮᠧᠩ | ᠳ᠋ᠢ ᠰᠦ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠵᠧᠩ ᠳ᠋ᠦᠩ ᠫᠢᠩ ᠠᠵᠤ ᠠᠬᠤᠶᠢᠯᠠᠯ ᠤᠨ | ᠡᠵᠡᠩᠨᠡᠯᠲᠡ᠂ ᠪᠠᠶᠠᠷ ᠤᠨ ᠡᠳᠦᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ | ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠵᠧᠩ ᠳ᠋ᠦᠩ ᠫᠢᠩ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ | ᠪᠠᠶᠠᠷ ᠤᠨ ᠡᠳᠦᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ | ᠡᠵᠡᠮᠳᠡᠵᠦ᠂ ᠢᠳᠡᠭᠡᠨ ᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠡᠵᠡᠮᠳᠡᠵᠦ᠂ ᠠᠵᠢᠯᠲᠠᠳ ᠤᠨ ᠠᠶᠤᠯᠭᠦᠢ | ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ | ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠠᠵᠢᠯᠳᠠᠨ ᠤ ᠠᠮᠤᠷ ᠲᠦᠪᠰᠢᠨ ᠤ ᠪᠣᠯᠪᠠᠰᠤᠷᠠᠯ ᠵᠡᠷᠭᠡ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ | ᠲᠦᠪᠰᠢᠨ ᠤ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠠᠵᠤ | ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠴᠠᠭ | ᠲᠤᠬᠠᠶ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠯᠢ ᠶᠧ ᠵᠢᠶᠠ ᠬᠡᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ᠂ ᠵᠧᠩ ᠳ᠋ᠦᠩ ᠫᠢᠩ ᠲᠤᠨᠤᠭ ᠲᠥᠬᠦᠭᠡᠷᠦᠮᠵᠢ ᠶᠢᠨ ᠠᠵᠢᠯᠯᠠᠭᠠᠨ᠂ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠵᠧᠩ | ᠳ᠋ᠦᠩ ᠫᠢᠩ᠂ ᠠᠶᠤᠯᠭᠦᠢ ᠦᠢᠯᠡᠳᠪᠦᠷᠢᠯᠡᠯ ᠤᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠳᠦᠷ ᠲᠤᠳᠤᠮ ᠤᠨ | ᠬᠠᠮᠢᠶᠠᠷᠤᠯᠲᠠ ᠪᠣᠯᠤᠨ ᠠᠵᠢᠯᠯᠠᠭᠠᠨ ᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠠᠵᠢᠯᠳᠠᠨ ᠠᠵᠢᠯᠴᠢᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠰᠢᠲᠠᠮᠠᠬᠠᠶ ᠬᠡᠶ | ᠲᠡᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠡᠯ᠎ᠡ ᠵᠦᠢᠯ ᠤᠨ ᠠᠶᠤᠯᠭᠦᠶ ᠦᠢᠯᠡᠳᠪᠦᠷᠢᠯᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ | ᠲᠣᠤᠷ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠮᠤᠷ ᠲᠦᠪᠰᠢᠨ ᠤ ᠨᠡᠭᠡᠯᠡᠬᠡᠶ ᠶᠢ ᠴᠢᠩᠭᠠᠯᠠᠵᠤ᠂ ᠠᠮᠤᠷ | ᠲᠦᠪᠰᠢᠨ ᠤ ᠬᠤᠷᠢᠭ᠎ᠠ ᠱᠤᠭᠤᠮ ᠢ ᠪᠥᠬᠦ ᠬᠦᠴᠦᠨ ᠢᠶᠠᠷ ᠢᠶᠠᠨ ᠰᠠᠬᠢᠬᠤ ᠬᠡᠷᠡᠭᠲᠡᠶ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |