ᠯᠢᠶᠠᠩᠴᠧᠩ ᠰᠢᠶᠠᠨ ᠤ ᠰᠦᠯᠵᠢᠶᠡᠨ ᠤ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠦᠢᠯᠡᠰ ᠴᠣᠭᠴᠠᠯᠠᠬᠤ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 3 ᠤ ᠡᠳᠦᠷ ᠠᠴᠠ 9 ᠤ ᠡᠳᠦᠷ ᠪᠣᠯᠲᠠᠯ᠎ᠠ᠂ ᠯᠢᠶᠠᠩᠴᠧᠩ | ᠰᠢᠶᠠᠨ ᠤ ᠠᠵᠢᠯ ᠣᠯᠭᠤᠯᠲᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2025 ᠣᠨ ᠤ ᠨᠢᠭᠡᠳᠦᠭᠡᠷ | ᠬᠤᠭᠤᠴᠠᠭᠠᠨ ᠤ ᠰᠦᠯᠵᠢᠶᠡᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠠᠴᠠ ᠱᠧᠩ ᠱᠧᠩ ᠬᠥᠮᠦᠨ ᠤ | ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠤᠷᠤᠭᠰᠢᠲᠠᠶ ᠬᠢᠴᠢᠶᠡᠯ ᠡᠬᠢᠯᠡᠪᠡ᠃ | ᠪᠣᠯᠪᠠᠰᠤᠷᠠᠭᠤᠯᠤᠯ ᠤᠨ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ | ᠭᠤᠤᠯᠳᠠᠭᠤ ᠰᠦᠯᠵᠢᠶᠡᠨ ᠤ ᠠᠳᠠᠯ ᠤᠶᠢᠯᠡᠰ ᠴᠣᠭᠴᠠᠯᠠᠬᠤ ᠪᠠᠶᠢᠳᠠᠯ᠂ ᠵᠠᠬ᠎ᠠ ᠳᠡᠯᠭᠡᠭᠦᠷ ᠤᠨ ᠵᠠᠳᠠᠯᠤᠯᠲᠠ᠂ | ᠡᠵᠡᠩᠨᠡᠯᠲᠡ ᠬᠠᠮᠢᠶᠠᠷᠤᠯᠲᠠ᠂ ᠲᠥᠷᠥᠯ ᠵᠤᠶᠢᠯ ᠢ ᠰᠢᠯᠢᠳᠡᠭᠵᠢᠭᠦᠯᠬᠦ ᠵᠡᠷᠭᠡ ᠣᠯᠠᠨ ᠲᠠᠯ᠎ᠠ ᠶᠢ ᠣᠶᠢᠯᠠᠭᠠᠬᠤ ᠪᠠᠷ | ᠭᠤᠤᠯᠯᠠᠭᠤᠯᠤᠨ᠎ᠠ᠃ ᠯᠧᠺᠲ᠋ᠣᠷ ᠨᠠᠷ ᠬᠡᠷᠡᠭ ᠤᠨ ᠵᠢᠱᠢᠶ᠎ᠡ ᠶᠢ ᠵᠠᠳᠠᠯᠬᠤ᠂ ᠳᠤᠭᠤᠶᠢᠯᠠᠩ ᠬᠤᠪᠢᠶᠠᠨ ᠶᠠᠷᠢᠯᠴᠠᠬᠤ᠂ | ᠳᠠᠭᠤᠷᠢᠶᠠᠮᠠᠯ ᠰᠣᠷᠢᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠣᠭᠤᠳᠴᠤ | ᠬᠠᠷᠢᠯᠴᠠᠨ ᠬᠥᠳᠡᠯᠦᠯᠴᠡᠬᠦ ᠳᠤ ᠢᠳᠡᠪᠬᠢᠲᠡᠶ ᠣᠷᠣᠯᠴᠠᠭᠤᠯᠵᠤ᠂ ᠰᠦᠯᠵᠢᠶᠡᠨ ᠤ ᠠᠳᠠᠯ ᠤᠶᠢᠯᠡᠰ ᠴᠣᠭᠴᠠᠯᠠᠬᠤ | ᠭᠤᠤᠯ ᠭᠤᠤᠯᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠭᠦᠯᠪᠡ᠃ ᠰᠤᠷᠤᠭᠴᠢ ᠪᠠᠢ ᠰᠢᠶᠤᠤ ᠳ᠋ᠦᠩ ᠡᠨᠡ | ᠤᠳᠠᠭ᠎ᠠ ᠶᠢᠨ ᠪᠣᠯᠪᠠᠰᠤᠷᠠᠯ ᠳᠤᠮᠳᠠ᠂ ᠪᠢ ᠪᠦᠬᠦ ᠲᠠᠯ᠎ᠠ ᠶᠢᠨ᠂ ᠰᠢᠰᠲ᠋ᠧᠮ ᠲᠠᠢ ᠲᠤᠰᠬᠠᠢ ᠮᠡᠷᠭᠡᠵᠢᠯ ᠤᠨ | ᠰᠦᠯᠵᠢᠶᠡᠨ ᠤ ᠦᠢᠯᠡᠰ ᠪᠤᠰᠬᠠᠬᠤ ᠮᠡᠳᠡᠯᠭᠡ ᠶᠢ ᠰᠤᠷᠤᠯᠴᠠᠵᠤ᠂ ᠵᠢᠱᠢᠶᠡᠯᠡᠪᠡᠯ ᠬᠡᠷᠬᠢᠨ ᠰᠦᠯᠵᠢᠶᠡᠨ ᠳᠡᠯᠭᠡᠭᠦᠷ | ᠨᠡᠭᠡᠭᠡᠬᠦ᠂ ᠬᠡᠷᠬᠢᠨ ᠪᠠᠷᠠᠭ᠎ᠠ ᠣᠷᠣᠭᠤᠯᠬᠤ᠂ ᠡᠵᠡᠩᠨᠡᠯᠲᠡ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠵᠡᠷᠭᠡ ᠡᠯ᠎ᠡ | ᠲᠠᠯ᠎ᠠ ᠶᠢᠨ ᠮᠡᠳᠡᠯᠭᠡ ᠶᠢ ᠰᠤᠷᠤᠯᠴᠠᠵᠤ᠂ ᠮᠠᠨ ᠤ ᠬᠤᠶᠢᠰᠢᠳᠠ ᠶᠢᠨ ᠪᠣᠳᠠᠲᠠᠢ ᠰᠦᠯᠵᠢᠶᠡᠨ ᠤ ᠦᠢᠯᠡᠰ ᠪᠤᠰᠬᠠᠬᠤ ᠳᠤ | ᠰᠠᠶᠢᠨ ᠰᠠᠶᠢᠬᠠᠨ ᠤᠨᠤᠯ ᠤᠨ ᠰᠠᠭᠤᠷᠢ ᠶᠢ ᠲᠠᠯᠪᠢᠵᠤ ᠥᠭᠴᠡᠢ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠳ᠋ᠢ ᠱᠧᠩ ᠬᠥᠮᠦᠨ ᠤ ᠬᠦᠴᠦᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ 2023 ᠣᠨ ᠳᠤ ᠪᠠᠶᠢᠭᠤᠯᠤᠭᠳᠠᠵᠤ᠂ ᠭᠤᠤᠯᠳᠠᠭᠤ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠦᠢᠯᠡᠴᠢᠯᠡᠭᠡ᠂ ᠠᠵᠢᠯ | ᠮᠡᠷᠭᠡᠵᠢᠯ ᠤᠨ ᠵᠠᠭᠤᠴᠢ ᠠᠵᠢᠯᠯᠠᠭ᠎ᠠ ᠵᠡᠷᠭᠡ 20 ᠭᠠᠷᠤᠶ ᠵᠦᠢᠯ ᠤᠨ ᠦᠢᠯᠡᠴᠢᠯᠡᠭᠡ ᠬᠢᠵᠦ ᠪᠠᠶᠢᠨ᠎ᠠ᠃ ᠲᠣᠰ | ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 7 ᠡᠳᠦᠷ ᠪᠣᠯᠤᠨ᠎ᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |