ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ | ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠶᠠᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯ᠎ᠡ ᠨᠡᠶᠢᠭᠡᠮ | ᠲᠣᠭᠤᠷᠢᠭ᠂ ᠲᠣᠰᠬᠤᠨ ᠤ ᠠᠷᠠᠳ ᠤᠨ ᠵᠥᠪᠯᠡᠯ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠪᠠᠶᠢᠴᠠᠭᠠᠯᠲᠠ ᠶᠢᠨ | ᠠᠵᠢᠯ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠡᠯ᠎ᠡ ᠨᠡᠶᠢᠭᠡᠮ ᠲᠣᠭᠤᠷᠢᠭ᠂ | ᠲᠣᠰᠬᠤᠨ ᠤ ᠵᠥᠪᠯᠡᠯ ᠳᠤ ᠭᠦᠨᠵᠡᠭᠡᠶᠢᠷᠡᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠠᠵᠢᠯ ᠢ ᠨᠠᠷᠢᠨ | ᠬᠢᠨᠠᠮᠠᠭᠠᠶ ᠥᠷᠨᠢᠭᠦᠯᠪᠡ᠃ ᠪᠠᠶᠢᠴᠠᠭᠠᠭᠴᠢ ᠠᠴᠠ ᠰᠠᠭᠤᠭᠠᠯᠢ ᠠᠷᠠᠳ ᠲᠤ ᠪᠠᠶᠢᠴᠠᠭᠠᠯᠲᠠ ᠶᠢᠨ ᠵᠣᠷᠢᠯᠭ᠎ᠠ ᠪᠠ ᠠᠴᠢ | ᠬᠤᠯᠪᠣᠭᠳᠠᠯ ᠢ ᠬᠦᠯᠢᠴᠡᠩᠭᠦᠶ ᠨᠢᠮᠪᠠᠶ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ | ᠪᠠᠶᠢᠭᠠᠳ ᠠᠰᠠᠭᠤᠯᠲᠠ ᠶᠢᠨ ᠬᠠᠭᠤᠳᠠᠰᠤ ᠶᠢ ᠦᠨᠡᠨ ᠪᠣᠳᠠᠲᠠᠶ ᠪᠠᠷ ᠲᠠᠭᠯᠠᠵᠤ᠂ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠪᠠ᠃ ᠯᠢᠶᠠᠩᠴᠧᠩ ᠰᠢᠶᠠᠨ ᠤ | 2025 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ | ᠠᠩᠭᠢ ᠶᠢᠨ ᠠᠵᠢᠯᠲᠠᠨ ᠨᠢᠦ ᠯᠢ ᠳ᠋ᠦᠩ ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠᠶᠢᠴᠠᠭᠠᠯᠲᠠ ᠶᠢᠨ ᠠᠩᠭᠢ ᠪᠠᠶᠢᠭᠤᠯᠵᠤ᠂ 2 ᠰᠠᠷ᠎ᠠ ᠶᠢᠨ 27 ᠤ | ᠡᠳᠦᠷ ᠠᠴᠠ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠠᠵᠢᠯ ᠤᠨ ᠱᠠᠲᠤᠨ ᠳᠤ ᠣᠷᠣᠵᠤ᠂ ᠪᠥᠬᠦ ᠰᠢᠶᠠᠨ ᠤ | 13 ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠬᠤᠲᠠ | ᠬᠥᠳᠡᠭᠡ ᠶᠢᠨ 286 ᠰᠠᠭᠤᠭᠠᠯᠢ ᠠᠷᠠᠳ ᠲᠤ ᠪᠠᠶᠢᠴᠠᠭᠠᠯᠲᠠ ᠬᠢᠪᠠ᠃ ᠲᠣᠰ ᠤᠳᠠᠭᠠᠨ ᠤ ᠪᠠᠶᠢᠴᠠᠭᠠᠯᠲᠠ ᠪᠠᠷ | ᠳᠠᠮᠵᠢᠭᠤᠯᠤᠨ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠣᠷᠣᠯᠴᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠮᠠᠨ ᠤ ᠰᠢᠶᠠᠨ ᠤ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠ ᠣᠯᠠᠨ ᠡᠰᠢᠵᠢᠭᠦᠯᠬᠦ ᠳᠤ | ᠲᠤᠭ᠎ᠠ ᠪᠠᠷᠢᠮᠲᠠ ᠶᠢᠨ ᠳᠡᠮᠵᠢᠯᠭᠡ ᠤᠯᠠᠮ ᠨᠢᠭᠡ ᠠᠯᠬᠤᠮ ᠬᠠᠩᠭᠠᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠳᠤ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠯᠲᠠ ᠬᠢᠬᠦ ᠬᠡᠯᠪᠡᠷᠢ ᠶᠢ ᠠᠪᠴᠤ᠂ ᠠᠭᠤᠯᠭ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠭᠠᠷᠠᠭ ᠪᠦᠷᠢ | 1 ᠤᠳᠠᠭ᠎ᠠ ᠵᠢᠴᠢ ᠲᠡᠭᠦᠨ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠥᠮᠦᠨ ᠤ | ᠲᠤᠭ᠎ᠠ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠲᠠᠯᠠᠪᠤᠷ | ᠭᠠᠵᠠᠷ ᠬᠢᠭᠡᠳ ᠪᠡᠯᠡᠳᠬᠡᠮᠵᠢ᠂ ᠠᠵᠢᠯᠯᠠᠭ᠎ᠠ ᠬᠢᠭᠡᠳ ᠤᠷᠤᠯᠳᠤᠭᠠᠨ ᠵᠢᠴᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠵᠢᠯᠣᠭᠤᠳᠣᠯᠭ᠎ᠠ ᠬᠦᠯᠢᠶᠡᠬᠦ ᠵᠡᠷᠭᠡ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ | ᠪᠠ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠪᠠᠶᠢᠳᠠᠯ ᠢ ᠪᠠᠭᠲᠠᠭᠠᠨ᠎ᠠ᠃ ᠪᠠᠶᠢᠴᠠᠭᠠᠭᠳᠠᠬᠤ ᠡᠲᠡᠭᠡᠳ ᠨᠢ 3 - 6 | ᠪᠦᠬᠦᠯᠢ ᠨᠠᠰᠤᠨ ᠤ ᠬᠡᠦᠬᠡᠳ ︵ᠠᠶᠢᠯᠴᠢᠯᠠᠬᠤ ᠡᠲᠡᠭᠡᠳ ᠨᠢ ᠲᠡᠭᠦᠨ ᠤ ᠬᠢᠨᠠᠨ ᠬᠠᠮᠠᠭᠠᠯᠠᠭᠴᠢ︶᠂ 7 - 18 | ᠪᠦᠬᠦᠯᠢ ᠨᠠᠰᠤᠨ ᠤ ᠬᠡᠦᠬᠡᠳ ︵ᠠᠶᠢᠯᠴᠢᠯᠠᠬᠤ ᠡᠲᠡᠭᠡᠳ ᠲᠤ ᠬᠡᠦᠬᠡᠳ ᠵᠢᠴᠢ ᠲᠡᠭᠦᠨ ᠤ ᠬᠢᠨᠠᠨ ᠬᠠᠮᠠᠭᠠᠯᠠᠭᠴᠢ | ᠪᠠᠭᠲᠠᠨ᠎ᠠ︶ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |