︽ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠠᠤᠯᠢ︾ ᠪᠠ ︽ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ ᠠᠷᠭ᠎ᠠ︾ ︵ᠶᠠᠮᠤᠨ ᠤ ᠵᠠᠷᠯᠢᠭ 4 | ᠳ᠋ᠦᠭᠡᠷ ᠲᠣᠭᠠᠲᠤ︶ ᠵᠡᠷᠭᠡ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠯᠢᠶᠠᠩᠴᠧᠩ ᠰᠢᠶᠠᠨ ᠤ ᠵᠥᠩ | ᠾᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠣᠰ | ᠤᠳᠠᠭᠠᠨ ᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠬᠠᠮᠢᠶ᠎ᠠ ᠪᠥᠬᠦᠶ ᠵᠦᠢᠯᠡᠰ ᠢ ᠣᠲᠣ | ᠳᠣᠤᠷᠠᠬᠢ ᠮᠡᠲᠦ ᠵᠠᠷᠯᠠᠶ᠎ᠠ᠄ | ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠤᠶᠢᠯ ᠤᠨ ᠨᠡᠷᠡᠶᠢᠳᠦᠯ᠄ ᠯᠢᠶᠠᠩᠴᠧᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︵ᠨᠠᠢᠮᠠᠳᠤᠭᠠᠷ ᠰᠤᠮᠤ︶ ᠠᠵᠤ ᠤᠶᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ︵ᠪᠣᠬᠢᠷ ᠤᠰᠤ ᠰᠢᠢᠳᠪᠤᠷᠢᠯᠡᠬᠦ ᠥᠷᠲᠡᠭᠡ᠂ ᠬᠦᠢᠲᠡᠨ ᠬᠥᠮᠥᠷᠭᠡ᠂ | ᠪᠠᠷᠢᠮᠵᠢᠶᠠᠵᠢᠭᠤᠯᠤᠭᠰᠠᠨ ᠤᠶᠢᠯᠡᠳᠪᠤᠷᠢ ᠶᠢᠨ ᠲᠠᠰᠤᠭ ᠤᠨ ᠢᠨᠵᠧᠨᠧᠷᠢᠩ︶ | 2. ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠤᠭᠰᠠᠨ | 3. ᠪᠥᠲᠥᠭᠡᠨ ᠪᠠᠶᠢᠭᠤᠯᠬᠤ ᠭᠠᠵᠠᠷ᠄ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠨᠠᠢᠮᠠᠳᠤᠭᠠᠷ | ᠰᠤᠮᠤ ᠶᠢᠨ ᠵᠠᠰᠠᠭ ᠵᠠᠬᠢᠷᠭᠠᠨ ᠤ ᠲᠣᠰᠬᠤᠨ | 4. ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠯᠢᠶᠠᠩᠴᠧᠩ ᠰᠢᠶᠠᠨ ᠤ ᠵᠥᠩ ᠾᠧ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ | 5. ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ᠄ ᠭᠠᠵᠠᠷ ᠬᠡᠷᠡᠭᠯᠡᠬᠦ ᠬᠡᠪᠴᠢᠶᠡᠨ ᠳᠤ 3 | ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠪᠠᠶᠢᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 6690 | ᠲᠡᠭᠰᠢ ᠳᠥᠷᠪᠡᠯᠵᠢᠨ ᠮᠧᠲᠷ᠄ 1 ᠰᠠᠭᠤᠷᠢ ᠬᠦᠢᠲᠡᠨ ᠬᠥᠮᠥᠷᠭᠡ ᠵᠢᠴᠢ ᠢᠵᠢ ᠪᠥᠷᠢᠳᠦᠭᠦᠯᠬᠦ ᠴᠢᠳᠠᠮᠵᠢ ᠶᠢᠨ | ᠴᠢᠨᠠᠷᠲᠠᠶ ᠬᠡᠷ ᠪᠠᠶᠢᠰᠢᠩ ᠢ ᠪᠥᠲᠥᠭᠡᠨ ᠪᠠᠶᠢᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 1600 ᠲᠡᠭᠰᠢ | ᠳᠥᠷᠪᠡᠯᠵᠢᠨ ᠮᠧᠲᠷ ᠪᠣᠯᠤᠨ᠎ᠠ᠃ | ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ ᠮᠠᠶ᠋ᠢᠭ | ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠯᠢᠶᠠᠩᠴᠧᠩ ᠰᠢᠶᠠᠨ ᠤ ᠵᠦᠩ ᠾᠧ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ | ᠴᠢᠮᠡᠭᠡ ᠨᠡᠪᠲᠡᠷᠡᠯᠭᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ | ᠬᠤᠲᠠ ᠶᠢᠨ ᠯᠢᠶᠠᠩᠴᠧᠩ ᠰᠢᠶᠠᠨ ᠤ ᠤᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ | ᠠᠰᠠᠷ | ᠬᠠᠷᠢᠯᠴᠠᠭᠴᠢ᠄ ᠶᠠᠨ ᠹᠠ | ᠬᠠᠷᠢᠯᠴᠠᠬᠤ ᠤᠲᠠᠰᠤ᠄ 15924576246 ᠰᠢᠤᠳᠠᠨ ᠬᠠᠶᠢᠷᠴᠠᠭ᠄ 15924576246@163. | com | ᠭᠤᠷᠪᠠ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ | ᠵᠣᠬᠢᠶᠠᠭᠰᠠᠨ ᠨᠢᠭᠡᠴᠡ ᠶᠢᠨ ᠨᠡᠷᠡᠶᠢᠳᠦᠯ | ᠯᠢᠶᠠᠩᠴᠧᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠨᠠᠢᠮᠠᠳᠤᠭᠠᠷ ᠰᠤᠮᠤ︶ ᠠᠵᠤ | ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠤᠶᠢᠯ ︵ᠪᠣᠬᠢᠷ ᠤᠰᠤ ᠰᠢᠢᠳᠪᠤᠷᠢᠯᠡᠬᠦ ᠥᠷᠲᠡᠭᠡ᠂ ᠬᠦᠢᠲᠡᠨ ᠬᠥᠮᠥᠷᠭᠡ᠂ ᠪᠠᠷᠢᠮᠵᠢᠶᠠᠵᠢᠭᠰᠠᠨ ᠦᠢᠯᠡᠳᠪᠦᠷᠢ ᠶᠢᠨ | ᠲᠠᠰᠤᠭ ᠤᠨ ᠢᠨᠵᠧᠨᠧᠷᠢᠩ︶ ᠨᠢᠭᠡᠨᠲᠡ ᠥᠪᠥᠷ ᠮᠣᠩᠭᠤᠯ ᠤᠨ ᠸᠠᠨ ᠪᠥᠸᠧ ᠲᠥᠷᠥᠯ ᠵᠤᠶᠢᠯ ᠤᠨ | ᠬᠠᠮᠢᠶᠠᠷᠤᠯᠲᠠ ᠶᠢᠨ ᠯᠠᠪᠯᠠᠭ᠎ᠠ ᠶᠢᠨ ᠬᠢᠵᠠᠭᠠᠷᠲᠤ ᠺᠣᠮᠫᠠᠨᠢ ᠳᠤ ᠨᠠᠶᠢᠳᠠᠵᠤ ᠲᠣᠰ ᠲᠥᠷᠥᠯ ᠵᠤᠶᠢᠯ ᠤᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠡᠭᠦᠷᠭᠡᠯᠡᠭᠦᠯᠵᠦ᠂ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠶᠢᠨ ᠠᠵᠢᠯ ᠤᠨ ᠭᠤᠤᠯ ᠠᠭᠤᠯᠭ᠎ᠠ ᠪᠣᠯ ᠲᠣᠰ ᠲᠥᠷᠥᠯ ᠵᠤᠶᠢᠯ ᠤᠨ ᠣᠷᠴᠢᠨ ᠲᠣᠭᠤᠷᠢᠨ ᠤ | ᠨᠥᠯᠥᠭᠡᠯᠡᠯ ᠤᠨ ᠬᠦᠴᠦᠨ ᠵᠤᠶᠢᠯ ᠢ ᠵᠠᠳᠠᠯᠵᠤ᠂ ᠪᠠᠶᠢᠭ᠎ᠠ ᠭᠠᠵᠠᠷ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ | ᠪᠠᠶᠢᠴᠠᠭᠠᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠤᠶᠢᠯ ᠤᠨ ᠣᠷᠴᠢᠨ ᠲᠣᠭᠤᠷᠢᠨ ᠤ | ᠬᠦᠴᠦᠨ ᠵᠤᠶᠢᠯ ᠵᠢᠴᠢ ᠬᠠᠮᠠᠭᠠᠯᠠᠯᠲᠠ ᠶᠢᠨ ᠬᠠᠷᠠᠯᠲᠠ ᠳᠤ ᠦᠵᠡᠭᠦᠯᠬᠦ ᠨᠥᠯᠥᠭᠡ ᠶᠢ ᠲᠥᠰᠦᠭᠡᠯᠡᠵᠦ᠂ ᠣᠯᠠᠨ | ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠬᠤ᠂ ᠠᠮᠢ | ᠠᠬᠤᠶ ᠣᠷᠴᠢᠨ ᠲᠣᠭᠤᠷᠢᠨ ᠢ ᠬᠠᠮᠠᠭᠠᠯᠠᠬᠤ ᠤᠷᠢᠳᠴᠢᠯᠠᠨ ᠰᠡᠷᠭᠡᠶᠢᠯᠡᠬᠦ᠂ ᠡᠵᠡᠮᠳᠡᠬᠦ ᠪᠠ ᠬᠠᠮᠢᠶᠠᠷᠬᠤ ᠠᠷᠭ᠎ᠠ | ᠬᠡᠮᠵᠢᠶ᠎ᠡ ᠶᠢ ᠳᠤᠷᠠᠳᠬᠤ ᠶᠠᠪᠤᠳᠠᠯ ᠪᠣᠯᠤᠨ᠎ᠠ᠃ | ᠳᠥᠷᠪᠡ᠂ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠰᠦᠯᠵᠢᠶᠡᠨ ᠤ ᠴᠥᠷᠬᠡᠯᠡᠭᠡ | ᠣᠯᠠᠨ ᠨᠡᠶᠢᠳᠡ ᠶᠢᠨ ᠰᠠᠨᠠᠯ ᠤᠨ ᠬᠦᠰᠦᠨᠦᠭᠲᠦ ᠶᠢᠨ ᠰᠦᠯᠵᠢᠶᠡᠨ ᠤ ᠴᠥᠷᠬᠡᠯᠡᠭᠡ᠄ ︽ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠬᠦ ᠣᠯᠠᠨ ᠨᠡᠢᠲᠡ ᠳᠤ ᠣᠷᠣᠯᠴᠠᠬᠤ ᠠᠷᠭ᠎ᠠ︾ ᠶᠢ ᠨᠡᠢᠲᠡᠯᠡᠬᠦ ᠲᠤᠬᠠᠢ ᠢᠵᠢ ᠪᠦᠷᠢᠳᠦᠭᠰᠡᠨ | ᠪᠢᠴᠢᠭ ᠮᠠᠲ᠋ᠧᠷᠢᠶᠠᠯ http:/ / www.mee.gov. | cn/xgk01/201810/t20181024-665329.html᠃ | ᠲᠠᠪᠤ᠂ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢ ᠲᠤᠰᠢᠶᠠᠬᠤ ᠠᠷᠭ᠎ᠠ ᠮᠠᠶ᠋ᠢᠭ ᠪᠣᠯᠤᠨ ᠠᠷᠭ᠎ᠠ ᠵᠠᠮ | ᠲᠣᠰ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ᠂ ᠣᠯᠠᠨ ᠨᠡᠶᠢᠲᠡ ᠶᠢᠨ ᠰᠠᠨᠠᠯ ᠤᠨ | ᠬᠦᠰᠦᠨᠦᠭᠲᠦ ᠶᠢᠨ ᠰᠦᠯᠵᠢᠶ᠎ᠡ ᠪᠠᠷ ᠳᠠᠮᠵᠢᠭᠤᠯᠤᠨ ᠪᠥᠲᠥᠭᠡᠨ ᠪᠠᠶᠢᠭᠤᠯᠬᠤ ᠲᠥᠷᠥᠯ ᠵᠦᠢᠯ ᠤᠨ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢ ᠪᠠᠭᠤᠯᠭᠠᠨ | ᠠᠪᠴᠤ᠂ ᠲᠠᠭᠯᠠᠭᠰᠠᠨ ᠤ ᠳᠠᠷᠠᠭ᠎ᠠ ᠡᠯᠺᠧᠲᠷᠤᠨ ᠰᠢᠤᠳᠠᠨ ᠤ ᠵᠦᠢᠯ ᠤᠨ ᠠᠷᠭ᠎ᠠ ᠮᠠᠶ᠋ᠢᠭ ᠢᠶᠠᠷ ᠪᠥᠲᠥᠭᠡᠨ | ᠪᠠᠶᠢᠭᠤᠯᠬᠤ ᠨᠢᠭᠡᠴᠡ ᠲᠠᠢ ᠬᠠᠷᠢᠯᠴᠠᠬᠤ ᠪᠤᠶᠤ ᠴᠠᠭᠠᠰᠤᠨ ᠬᠡᠪ ᠢ ᠯᠢᠶᠠᠩᠴᠧᠩ ᠰᠢᠶᠠᠨ ᠤ ᠵᠥᠩ ᠾᠧ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠭᠡᠵᠦ ᠪᠣᠯᠤᠨ᠎ᠠ᠃ |