ᠮᠠᠶᠢᠬᠠᠨᠳᠤ ᠪᠠᠯᠭᠠᠰᠤᠨ ᠤ ᠴᠧᠨ ᠶᠦᠩ ᠲᠣᠰᠬᠤᠨ᠄  ᠲᠠᠤᠯᠠᠢ  ᠲᠡᠵᠢᠭᠡᠨ ᠦᠷᠡᠵᠢᠭᠦᠯᠵᠦ ᠪᠠᠶᠠᠵᠢᠯ ᠤᠨ ᠵᠠᠮ ᠢ ᠥᠷᠭᠡᠳᠭᠡᠪᠡ
ᠨᠡᠶᠢᠲᠡᠯᠡᠭᠰᠡᠨ ᠴᠠᠭ᠄
2025/3/11
   ᠮᠠᠶᠢᠬᠠᠨᠳᠤ ᠪᠠᠯᠭᠠᠰᠤᠨ ᠤ ᠴᠧᠨ ᠶᠦᠩ ᠲᠣᠰᠬᠤᠨ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠤᠯᠠᠢ ᠲᠡᠵᠢᠭᠡᠨ ᠦᠷᠡᠵᠢᠭᠦᠯᠬᠦ ᠶᠢ  ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠰᠢᠪᠲᠤᠯᠤᠯᠲᠠ ᠶᠢᠨ ᠴᠡᠭ ᠪᠣᠯᠭᠠᠵᠤ᠂ ᠲᠣᠰᠬᠤᠨ ᠤ ᠠᠷᠠᠳ ᠤᠨ ᠪᠠᠶᠠᠵᠢᠯ ᠤᠨ ᠵᠠᠮ ᠢ ᠥᠷᠭᠡᠳᠬᠡᠪᠡ᠃  ᠮᠠᠶᠢᠬᠠᠨᠳᠤ ᠪᠠᠯᠭᠠᠰᠤᠨ ᠤ ᠴᠧᠨ ᠶᠦᠩ ᠲᠣᠰᠬᠤᠨ ᠤ  ᠮᠢᠬᠠᠨ ᠲᠠᠤᠯᠠᠶ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠣᠷᠣᠬᠤ ᠳᠤ᠂ ᠮᠥᠷ ᠮᠥᠷ ᠲᠡᠷᠢ ᠲᠡᠭᠰᠢ ᠣᠳᠣᠬᠢᠴᠢᠯᠠᠭᠰᠠᠨ ᠲᠠᠤᠯᠠᠢ ᠨᠢᠳᠦᠨ ᠳᠤ ᠲᠣᠳᠣᠷᠠᠵᠤ᠂ ᠴᠡᠪᠡᠷ ᠲᠡᠭᠰᠢ ᠲᠡᠵᠢᠭᠡᠨ ᠦᠷᠡᠵᠢᠭᠦᠯᠬᠦ ᠰᠢᠩᠭᠡᠯᠢᠭ ᠳᠡᠭᠡᠷ᠎ᠡ ᠢᠳᠡᠭᠡᠨ ᠤ ᠬᠠᠶᠢᠷᠴᠠᠭ ᠳᠦᠭᠦᠷᠲᠡᠯ᠎ᠡ ᠡᠯᠭᠦᠵᠦ᠂ ᠨᠢᠭᠡ ᠠᠷᠢᠭᠤᠨ ᠴᠠᠭᠠᠨ ᠡᠭᠦᠯᠳᠡᠷ ᠤᠨ ᠲᠠᠤᠯᠠᠢ ᠲᠠᠷᠭᠤ ᠬᠦᠴᠦ ᠮᠠᠰᠢ ᠰᠠᠶᠢᠨ᠂ ᠮᠠᠰᠢ ᠪᠠᠶᠠᠷᠯᠠᠭᠤᠰᠢᠲᠠᠶ ᠪᠠᠶᠢᠳᠠᠭ᠃ ᠴᠧᠨ ᠶᠦᠩ ᠲᠣᠰᠬᠤᠨ ᠤ ᠨᠠᠮ ᠤᠨ ᠡᠭᠦᠷ ᠤᠨ ᠱᠦᠵᠢ ᠷᠧᠨ ᠯᠢ ᠫᠢᠩ ᠶᠠᠭᠠᠷᠠᠨ ᠲᠠᠤᠯᠠᠢ ᠶᠢᠨ ᠰᠢᠩᠭᠡᠯᠢᠭ ᠢᠶᠠᠷ ᠰᠦᠯᠵᠢᠯᠳᠦᠨ᠂ ᠮᠢᠬᠠᠨ ᠲᠠᠤᠯᠠᠢ ᠳᠤ ᠬᠤᠭᠤᠯᠠ ᠥᠭᠪᠡ᠃  ᠮᠠᠶᠢᠬᠠᠨᠳᠤ  ᠪᠠᠯᠭᠠᠰᠤᠨ ᠤ ᠴᠧᠨ ᠶᠦᠩ ᠲᠣᠰᠬᠤᠨ ᠤ ᠨᠠᠮ ᠤᠨ ᠡᠭᠦᠷ ᠤᠨ ᠱᠦᠵᠢ ᠷᠧᠨ ᠯᠢ ᠫᠢᠩ᠄ ᠵᠢᠱᠢᠯᠲᠡ ᠪᠠᠷ 6 ᠰᠠᠷ᠎ᠠ ᠳᠤ ᠲᠣᠰᠬᠤᠨ ᠤ ᠠᠷᠠᠳ ᠲᠤ  ᠰᠦᠢᠳᠭᠡᠯ ᠬᠤᠷᠢᠶᠠᠬᠤ ᠥᠬᠡᠶ ᠪᠠᠷ ᠲᠠᠤᠯᠠᠶ ᠥᠭᠴᠦ᠂ ᠤᠷᠢᠳᠠᠪᠠᠷ ᠮᠠᠨ ᠤ ᠲᠤᠰ ᠪᠠᠷᠢᠭᠠᠳᠠ ᠶᠢᠨ ᠲᠠᠪᠢᠨ ᠡᠷᠦᠬᠡ ᠶᠢ ᠳᠠᠶᠢᠴᠢᠯᠠᠨ᠂ ᠲᠠᠪᠢᠨ ᠡᠷᠦᠬᠡ 600 ᠲᠠᠤᠯᠠᠢ ᠲᠠᠷᠬᠠᠭᠠᠬᠤ ᠪᠠᠷ ᠪᠡᠯᠡᠳᠬᠡᠵᠦ ᠪᠠᠶᠢᠨ᠎ᠠ᠂ ᠵᠢᠱᠢᠯᠲᠡ ᠪᠠᠷ ᠨᠢᠭᠡ ᠵᠢᠯ ᠳᠤ ᠠᠷᠪᠠᠨ ᠡᠬᠡ ᠶᠢᠨ ᠲᠠᠤᠯᠠᠢ 500 ᠣᠷᠴᠢᠮ ᠲᠠᠤᠯᠠᠢ ᠦᠢᠯᠡᠳᠪᠦᠷᠢᠯᠡᠵᠦ᠂ ᠵᠠᠬ᠎ᠠ ᠳᠡᠯᠭᠡᠭᠦᠷ ᠤᠨ ᠦᠨ᠎ᠡ ᠪᠠᠷ  ᠵᠢᠩ ᠣᠷᠴᠢᠮ ᠵᠣᠭᠤᠰ ᠭᠠᠷᠭᠠᠵᠤ᠂ ᠳᠥᠷᠪᠡᠨ ᠵᠢᠩ ᠣᠷᠴᠢᠮ ᠢᠶᠠᠷ ᠬᠤᠳᠠᠯᠳᠤᠵᠤ᠂ ᠨᠢᠭᠡ ᠲᠠᠤᠯᠠᠢ ᠳᠥᠴᠢᠨ ᠲᠥᠭᠦᠷᠢᠭ ᠢᠶᠠᠷ ᠪᠣᠳᠣᠵᠤ᠂ ᠲᠠᠪᠤᠨ ᠵᠠᠭᠤᠨ ᠲᠠᠤᠯᠠᠢ ᠪᠠᠷᠤᠭ ᠬᠤᠶᠠᠷ ᠲᠦᠮᠡ ᠣᠷᠴᠢᠮ ᠠᠰᠢᠭ ᠬᠤᠨᠵᠢᠨ᠎ᠠ᠃    ᠲᠠᠤᠯᠠᠢ ᠶᠢᠨ ᠮᠢᠬ᠎ᠠ ᠨᠢ ᠨᠢᠭᠡ ᠵᠦᠢᠯ ᠤᠨ ᠥᠨᠳᠥᠷ ᠤᠭᠤᠷᠠᠭ᠂ ᠥᠭᠡᠬᠦ ᠪᠠᠭ᠎ᠠ ᠲᠠᠢ ᠮᠥᠷᠲᠡᠭᠡᠨ ᠣᠯᠠᠨ ᠵᠦᠢᠯ ᠤᠨ ᠸᠢᠲ᠋ᠠᠮᠢᠨ ᠪᠣᠯᠣᠨ ᠥᠨᠳᠡᠭᠡᠨ ᠹᠣᠰᠹᠣᠷ ᠤᠨ ᠥᠭᠡᠬᠦ ᠡᠯᠪᠡᠭ ᠠᠭᠤᠯᠤᠭᠰᠠᠨ ᠡᠷᠡᠭᠦᠯ ᠢᠳᠡᠭᠡᠨ ᠡᠯᠪᠡᠭ ᠳᠡᠯᠪᠡᠭ᠂ ᠵᠠᠬ᠎ᠠ ᠳᠡᠯᠭᠡᠭᠦᠷ ᠤᠨ ᠬᠡᠷᠡᠭᠴᠡᠭᠡ ᠦᠷᠭᠦᠯᠵᠢᠯᠡᠨ ᠨᠡᠮᠡᠭᠳᠡᠪᠡ᠃ ᠡᠨᠡᠬᠦ ᠪᠠᠶᠠᠵᠢᠯ ᠤᠨ ᠵᠠᠮ ᠢ ᠬᠠᠷᠠᠭᠠᠯᠠᠨ᠂ ᠴᠧᠨ ᠶᠦᠩ ᠲᠣᠰᠬᠤᠨ ᠤ ᠨᠠᠮ ᠤᠨ ᠡᠭᠦᠷ ︽ᠨᠠᠮ ᠤᠨ ᠡᠭᠦᠷ ᠬᠤᠷᠰᠢᠶᠠᠵᠢᠯ ᠤᠨ ᠰᠠᠭᠤᠷᠢᠨ ᠭᠠᠵᠠᠷ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠨ ᠤᠨᠴᠠᠯᠢᠬᠳᠤ ᠲᠡᠵᠢᠭᠡᠨ ᠦᠷᠡᠵᠢᠭᠦᠯᠬᠦ ᠠᠵᠤ  ᠤᠶᠢᠯᠡᠰ ᠢ ᠬᠥᠭᠵᠢᠭᠦᠯᠵᠦ᠂ ᠺᠣᠮᠫᠠᠨᠢ ᠲᠠᠢ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠲᠣᠰᠬᠤᠨ ᠤ ᠠᠷᠠᠳ ᠤᠨ ᠪᠠᠶᠠᠵᠢᠬᠤ ᠠᠷᠭ᠎ᠠ ᠵᠠᠮ ᠢ ᠥᠷᠭᠡᠳᠬᠡᠪᠡ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2