ᠯᠢᠶᠠᠩᠴᠧᠩ ᠰᠢᠶᠠᠨ᠄ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠᠷ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2025/3/11
  ᠮᠠᠰᠢᠨ ᠲᠡᠷᠭᠡ ᠶᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠰᠢᠶᠠᠨ ᠤ ᠡᠯ᠎ᠡ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠴᠡᠭ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠣᠯᠠᠨ ᠶᠠᠩᠵᠤ ᠶᠢᠨ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠵᠦ᠂ ᠬᠡᠷᠡᠭᠯᠡᠭᠴᠢᠳ ᠲᠤ ᠲᠡᠷᠭᠡ ᠬᠤᠳᠠᠯᠳᠤᠨ ᠠᠪᠬᠤ ᠦᠨᠡᠨ ᠪᠣᠳᠠᠲᠠᠶ ᠠᠰᠠᠷᠠᠮᠵᠢ ᠣᠯᠭᠤᠵᠤ᠂ ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠢ ᠬᠠᠢ ᠮᠠᠰᠢᠨ ᠲᠡᠷᠭᠡᠨ ᠤ ᠠᠷᠠᠯᠵᠢᠶᠠᠨ ᠤ ᠪᠣᠷᠣᠯᠠᠭᠤᠯᠭ᠎ᠠ ᠶᠢᠨ ᠡᠭᠦᠳᠡᠨ ᠳᠤ᠂ ᠰᠤᠷᠪᠤᠯᠵᠢᠯᠠᠭᠴᠢ ᠮᠠᠰᠢᠨ ᠲᠡᠷᠭᠡ ᠬᠤᠳᠠᠯᠳᠤᠨ ᠠᠪᠬᠤ ᠪᠠᠷ ᠢᠷᠡᠭᠰᠡᠨ ᠬᠤᠲᠠ ᠶᠢᠨ ᠠᠷᠠᠳ ᠡᠩ ᠤᠨ ᠦᠶ᠎ᠡ ᠶᠢᠨ ᠬᠢ ᠠᠴᠠ ᠪᠠᠭ᠎ᠠ ᠪᠤᠰᠤ ᠨᠡᠮᠡᠭᠳᠡᠵᠦ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ᠂ ᠤᠤᠯ ᠨᠢ ᠲᠣᠭᠤᠷᠢᠨ ᠦᠵᠡᠬᠦ ᠣᠪᠣᠷ ᠤᠨ ᠬᠡᠷᠡᠭᠯᠡᠭᠴᠢᠳ ᠤᠨ ᠲᠡᠷᠭᠡ ᠬᠤᠳᠠᠯᠳᠤᠨ ᠠᠪᠬᠤ ᠬᠠᠷᠠᠭᠠᠯᠵᠠᠯ ᠤᠨ  ᠰᠢᠵᠢᠷ ᠠᠯᠲᠠᠨ ᠦᠶ᠎ᠡ ᠶᠢ  ᠠᠳᠬᠤᠵᠦ᠂ ᠬᠤᠲᠠ ᠶᠢᠨ ᠠᠷᠠᠳ ᠵᠣᠣ ᠠᠪᠠᠭ᠋ᠠᠢ ᠬᠤᠯᠪᠣᠭᠳᠠᠯ ᠪᠦᠬᠦᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠷᠢᠨ ᠣᠶᠢᠯᠠᠭᠠᠭᠰᠠᠨ ᠤ ᠳᠠᠷᠠᠭ᠎ᠠ ᠲᠡᠭᠦᠨ ᠤ ᠬᠦᠦ ᠳᠤ ᠰᠢᠨ᠎ᠡ ᠲᠡᠷᠭᠡ ᠬᠤᠳᠠᠯᠳᠤᠨ ᠠᠪᠴᠤ ᠥᠭᠴᠡᠶ᠃    ᠬᠤᠲᠠ ᠶᠢᠨ ᠠᠷᠠᠳ ᠵᠣᠣ ᠠᠪᠠᠭ᠋ᠠᠢ ᠪᠢ ᠬᠠᠭᠤᠴᠢᠨ ᠲᠡᠷᠭᠡ ᠪᠠᠷ ᠰᠣᠯᠢᠭᠰᠠᠨ  ᠪᠠᠶᠢᠪᠠᠯ᠂ ᠤᠯᠤᠰ ᠤᠨ ᠨᠥᠬᠦᠪᠥᠷᠢ 12000 ᠲᠥᠭᠦᠷᠢᠭ ᠨᠡᠮᠡᠪᠡᠯ᠂ ᠪᠠᠰᠠ ᠦᠢᠯᠡᠳᠪᠦᠷᠢ ᠶᠢᠨ ᠭᠡᠷ ᠤᠨ ᠨᠥᠬᠦᠪᠥᠷᠢ 6000 ᠲᠥᠭᠦᠷᠢᠭ᠂  ᠨᠡᠶᠢᠳᠡ 18000 ᠲᠥᠭᠦᠷᠢᠭ ᠬᠠᠷᠠᠭᠠᠯᠵᠠᠯ ᠬᠦᠷᠲᠡᠵᠦ᠂ ᠣᠨᠴᠠᠭᠠᠢ ᠬᠢᠮᠳᠠ᠂ ᠲᠡᠷᠭᠡ ᠴᠦ ᠲᠣᠩ ᠬᠠᠨᠤᠮᠵᠢᠲᠠᠢ  ᠪᠠᠶᠢᠨ᠎ᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ 8 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ︾ ᠨᠢ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠰᠣᠯᠢᠵᠤ ᠰᠢᠨᠡᠳᠬᠡᠬᠦ ᠬᠤᠶᠠᠷ ᠶᠡᠭᠡ ᠬᠡᠰᠡᠭ ᠢ ᠬᠠᠮᠤᠷᠴᠠᠶ᠃ ᠬᠤᠪᠢ ᠬᠥᠮᠦᠨ ᠤ ᠬᠡᠷᠡᠭᠯᠡᠭᠡᠨ ᠠᠴᠠ ᠭᠠᠷᠭᠠᠭᠰᠠᠨ ᠨᠥᠬᠦᠴᠡᠯ ᠳᠤ ᠨᠡᠶᠢᠴᠡᠬᠦ ᠬᠠᠭᠤᠴᠢᠨ ᠲᠡᠷᠭᠡ ᠶᠢ ᠬᠤᠳᠠᠯᠳᠤᠨ ᠠᠪᠴᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ ᠪᠠᠶᠢᠪᠠᠯ᠂ 2 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠬᠤᠳᠠᠯᠳᠤᠨ ᠠᠪᠬᠤ ᠶᠢᠨ ᠬᠠᠮᠲᠤ 2.0 ᠯᠢᠳ᠋ᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶ᠎ᠡ ᠲᠠᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠬᠤᠳᠠᠯᠳᠤᠨ ᠠᠪᠤᠭᠰᠠᠨ ᠪᠠᠶᠢᠪᠠᠯ᠂ 1.5 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ 2025 ᠣᠨ ᠳᠤ ᠬᠤᠪᠢ ᠬᠥᠮᠦᠨ ᠤ ᠬᠡᠷᠡᠭᠯᠡᠭᠴᠢᠳ ᠲᠤ ᠰᠢᠯᠵᠢᠭᠦᠯᠦᠨ ᠥᠭᠴᠦ ᠬᠤᠪᠢ ᠬᠥᠮᠦᠨ ᠤ ᠨᠡᠷ᠎ᠡ ᠪᠠᠷ ᠪᠠᠶᠢᠭ᠎ᠠ ᠮᠠᠰᠢᠨ ᠲᠡᠷᠭᠡ ᠶᠢ ᠰᠢᠯᠵᠢᠭᠦᠯᠦᠨ ᠥᠭᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠮᠠᠰᠢᠨ ᠲᠡᠷᠭᠡ ᠬᠤᠳᠠᠯᠳᠤᠨ ᠠᠪᠴᠤ᠂ ᠲᠤᠬᠠᠶ ᠶᠢᠨ ᠭᠠᠵᠠᠷ ᠤᠨ ᠮᠠᠰᠢᠨ ᠲᠡᠷᠭᠡᠨ ᠤ ᠨᠢᠭᠡᠳᠦᠯᠲᠡᠶ ᠪᠣᠷᠣᠯᠠᠭᠤᠯᠬᠤ ᠪᠠᠷᠢᠮᠲᠠ ᠶᠢ ᠪᠢᠴᠢᠵᠦ ᠥᠭᠪᠡ᠂ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠭᠰᠠᠨ ᠨᠣᠷᠮ᠎ᠠ ᠶᠢᠨ ᠨᠥᠬᠦᠪᠥᠷᠢ ᠣᠯᠭᠤᠵᠤ ᠪᠣᠯᠤᠨ᠎ᠠ᠃ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠨᠢ ᠰᠢᠨ᠎ᠡ ᠡᠨᠧᠷᠭᠢ ᠶᠢᠨ ᠬᠡᠷᠡᠭᠯᠡᠭᠡᠨ ᠤ ᠲᠡᠷᠭᠡ ᠪᠠᠶᠢᠪᠠᠯ᠂ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ᠪᠠᠷ ᠨᠥᠬᠦᠪᠥᠷᠢ ᠥᠭᠴᠦ᠂ 5 ᠲᠦᠮᠡᠨ ᠲᠥᠭᠦᠷᠢᠭ ᠠᠴᠠ 15 ᠲᠦᠮᠡᠨ ᠲᠥᠭᠦᠷᠢᠭ ᠤᠨ ᠨᠥᠬᠦᠪᠥᠷᠢ ᠮᠥᠩᠭᠦ ᠪᠠᠷ 1.4 ᠲᠦᠮᠡᠨ ᠲᠥᠭᠦᠷᠢᠭ᠂ 15 ᠲᠦᠮᠡᠨ ᠲᠥᠭᠦᠷᠢᠭ ᠠᠴᠠ ᠳᠡᠭᠡᠭᠰᠢᠬᠢ ᠨᠥᠬᠦᠪᠥᠷᠢ 1.5 ᠲᠦᠮᠡᠨ ᠲᠥᠭᠦᠷᠢᠭ᠂ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠨᠢ ᠰᠢᠲᠠᠭᠠᠯᠭ᠎ᠠ ᠶᠢᠨ ᠲᠣᠰᠣᠨ ᠤ ᠬᠡᠷᠡᠭᠯᠡᠭᠡᠨ ᠤ ᠲᠡᠷᠭᠡ ᠪᠠᠶᠢᠪᠠᠯ᠂ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ᠶᠣᠰᠣᠭᠠᠷ᠂ 5 ᠲᠦᠮᠡᠨ ᠲᠥᠭᠦᠷᠢᠭ ᠠᠴᠠ 15 ᠲᠦᠮᠡᠨ ᠲᠥᠭᠦᠷᠢᠭ ᠤᠨ ᠨᠥᠬᠦᠪᠥᠷᠢ 1.2 ᠲᠦᠮᠡᠨ ᠲᠥᠭᠦᠷᠢᠭ᠂ 15 ᠲᠦᠮᠡᠨ ᠲᠥᠭᠦᠷᠢᠭ ᠠᠴᠠ ᠳᠡᠭᠡᠭᠰᠢᠬᠢ ᠨᠥᠬᠦᠪᠥᠷᠢ 1.3 ᠲᠦᠮᠡᠨ ᠲᠥᠭᠦᠷᠢᠭ ᠪᠣᠯᠤᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠬᠡᠷᠡᠭᠯᠡᠭᠴᠢᠳ ᠲᠤ ᠦᠨᠡᠨ ᠪᠣᠳᠠᠲᠠᠶ ᠬᠠᠷᠠᠭᠠᠯᠵᠠᠯ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠲᠠᠰ ᠳᠡᠪᠰᠢᠬᠦ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠭᠡᠮᠡᠯᠵᠢᠯᠲᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠢ ᠬᠠᠶ ᠮᠠᠰᠢᠨ ᠲᠡᠷᠭᠡᠨ ᠤ ᠠᠷᠠᠯᠵᠢᠶᠠᠨ ᠤ ᠶᠡᠷᠦᠩᠬᠡᠶ ᠳᠠᠭᠠᠭᠠᠮᠠᠯ ᠢᠦᠶ ᠬᠠᠶ ᠶᠤᠸᠠᠨ ᠬᠡᠯᠡᠭᠰᠡᠨ ᠨᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠰᠢ᠂ ᠲᠡᠷᠭᠡ ᠦᠵᠡᠬᠦ ᠵᠣᠴᠢᠨ ᠡᠷᠦᠬᠡ ᠠᠭᠠᠵᠢᠮ ᠢᠶᠠᠷ ᠣᠯᠠᠰᠢᠷᠠᠪᠠ᠃ ᠲᠡᠳᠡ ᠲᠡᠷᠭᠡ ᠦᠵᠡᠬᠦ ᠦᠶ᠎ᠡ ᠳᠤ ᠂ ᠬᠠᠷᠠᠭᠠᠯᠵᠠᠯ ᠤᠨ ᠲᠥᠷᠥ ᠶᠢᠨ ᠪᠤᠳᠦᠯᠭ᠎ᠠ ᠶᠢ ᠣᠯᠠᠨ ᠳᠤ ᠲᠠᠶᠢᠯᠪᠤᠷᠢᠯᠠᠵᠤ ᠥᠭᠴᠡᠶ᠂ ᠬᠤᠳᠠᠯᠳᠤᠨ ᠠᠪᠤᠭᠴᠢ ᠲᠥᠷᠥ ᠶᠢᠨ ᠪᠤᠳᠦᠯᠭ᠎ᠠ ᠶᠢ ᠣᠶᠢᠯᠠᠭᠠᠭᠰᠠᠨ ᠤ ᠳᠠᠷᠠᠭ᠎ᠠ᠂ ᠬᠠᠯᠠᠭᠤᠨ ᠰᠡᠳᠬᠢᠯᠭᠡ ᠲᠠᠢ᠃ ᠵᠢᠯ ᠥᠩᠭᠡᠷᠡᠭᠡᠭᠰᠡᠨ ᠤ ᠳᠠᠷᠠᠭ᠎ᠠ ᠬᠠᠭᠤᠴᠢᠨ ᠢᠶᠠᠷ ᠰᠢᠨ᠎ᠡ ᠶᠢ ᠰᠣᠯᠢᠬᠤ ᠵᠣᠴᠢᠨ ᠪᠠᠰᠠ ᠤᠯᠠᠮ ᠠᠴᠠ ᠤᠯᠠᠮ ᠣᠯᠠᠰᠢᠷᠠᠵᠤ᠂ ᠮᠠᠨ ᠤ ᠳᠡᠯᠭᠡᠭᠦᠷ ᠵᠣᠴᠢᠳ ᠲᠤ ᠬᠠᠮᠤᠭ ᠤᠨ ᠶᠡᠭᠡ ᠪᠣᠳᠠᠲᠤ ᠠᠰᠢᠭ ᠬᠦᠷᠲᠡᠭᠡᠵᠦ᠂ ᠬᠠᠮᠤᠭ ᠤᠨ ᠬᠠᠷᠠᠭᠠᠯᠵᠠᠯ ᠲᠠᠢ᠂ ᠨᠥᠬᠦᠪᠥᠷᠢ ᠬᠦᠷᠲᠡᠬᠦ ᠲᠦᠷᠦ ᠶᠢᠨ ᠪᠤᠳᠤᠯᠭ᠎ᠠ ᠶᠢ ᠴᠥᠮ ᠤᠯᠠᠨ ᠳᠤ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠳᠤ ᠳᠦᠭᠦᠷᠡᠩ ᠲᠡᠷᠭᠡ ᠲᠤᠰᠢᠶᠠᠬᠤ ᠶᠣᠰᠣᠯᠠᠯ ᠶᠠᠪᠤᠭᠤᠯᠵᠤ᠂ ᠤᠯᠠᠨ ᠢ ᠰᠡᠳᠬᠢᠯ ᠬᠠᠨᠤᠮᠵᠢᠲᠠᠢ ᠪᠣᠯᠭᠠᠨ  ᠭᠡᠷ ᠲᠡᠭᠡᠨ ᠬᠠᠷᠢᠭᠤᠯᠪᠠ︾ ᠭᠡᠪᠡ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2