ᠯᠢᠶᠠᠩᠴᠧᠩ ᠰᠢᠶᠠᠨ 115 ᠳ᠋ᠤᠭᠠᠷ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠤᠷᠠᠨ ᠰᠠᠶᠢᠬᠠᠨ ᠤ ᠲᠣᠭᠯᠠᠯᠲᠠ ᠶᠢ ᠪᠡᠯᠭᠡᠯᠡᠪᠡ
ᠨᠡᠶᠢᠲᠡᠯᠡᠭᠰᠡᠨ ᠴᠠᠭ᠄
2025/3/11
   115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ᠂ ᠯᠢᠶᠠᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠠᠮᠲᠤᠷᠠᠨ 115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠪᠠ᠃
      ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠠᠭᠤᠯᠭ᠎ᠠ ᠪᠠᠷ ᠪᠠᠶᠠᠯᠢᠭ᠂ ᠡᠷᠡᠭᠲᠡᠶ ᠡᠮᠡᠭᠲᠡᠶ ᠶᠢᠨ ᠬᠠᠮᠲᠤ ᠶᠢᠨ ᠪᠥᠵᠢᠭ᠂ ᠭᠤᠴᠤᠯᠠᠯ ᠳᠠᠭᠤᠤ᠂ ᠨᠠᠶᠢᠷᠠᠯ ᠳᠠᠭᠤᠤ᠂ ᠲᠣᠭᠯᠠᠯᠲᠠ ᠵᠢᠴᠢ ᠳᠠᠭᠤᠷᠢᠯᠢᠭ ᠤᠨ ᠲᠣᠭᠯᠠᠯᠲᠠ ᠵᠡᠷᠭᠡ ᠪᠠᠶᠢᠵᠤ᠂ ᠲᠣᠭᠯᠠᠭᠴᠢ ᠨᠢᠭᠡᠪᠦᠷᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠷᠣᠭᠤᠯᠵᠤ᠂ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ ᠢᠶᠠᠨ ᠲᠤᠬᠠᠶ ᠶᠢᠨ ᠲᠠᠯᠠᠪᠤᠷ ᠤᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠪᠠ ᠰᠣᠨᠣᠷ ᠤᠨ ᠳᠠᠪᠬᠤᠷ ᠦᠪᠡᠳᠡᠭᠰᠢ ᠨᠠᠶᠢᠷ ᠬᠠᠩᠭᠠᠭᠰᠠᠨ ᠪᠠᠶᠢᠨ᠎ᠠ᠃ ᠪᠦᠬᠦ᠋ᠢᠯᠡ ᠲᠣᠭᠯᠠᠯᠲᠠ ᠶᠢᠨ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
   ᠠᠵᠢᠯᠯᠠᠭ᠎ᠠ ᠶᠢ ᠰᠣᠨᠢᠷᠬᠠᠭᠰᠠᠨ ᠯᠢᠶᠠᠩᠴᠧᠩ ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠴᠠᠢ ᠲᠢᠩ ᠲᠢᠩ᠄ ᠥᠨᠥᠳᠦᠷ ᠪᠢ ᠤᠷᠠᠨ ᠰᠠᠶᠢᠬᠠᠨ ᠤ ᠲᠣᠭᠯᠠᠯᠲᠠ ᠶᠢ ᠪᠦᠬᠦ ᠶᠠᠪᠤᠴᠠ ᠪᠠᠷ ᠰᠣᠨᠢᠷᠬᠠᠵᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠣᠯᠤᠨ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠲᠠᠯᠠᠷᠬᠠᠵᠤ᠂ ᠮᠠᠨ ᠤ ᠥᠷᠭᠡᠨ ᠤᠯᠠᠨ ᠡᠮᠡᠭᠲᠡᠶᠢᠴᠦᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠃ ᠡᠮᠡᠭᠲᠡᠶ ᠺᠠᠳ᠋ᠷ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠪᠢ ᠦᠷᠭᠦᠯᠵᠢᠯᠡᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠵᠢᠯ ᠬᠢᠵᠦ ᠦᠢᠯᠡᠰ ᠪᠤᠰᠬᠠᠵᠤ᠂ ᠠᠷᠠᠳ ᠲᠦᠮᠡᠨ ᠳᠤ ᠤᠶᠢᠯᠡᠴᠢᠯᠡᠵᠦ᠂ ᠠᠭᠤᠤ ᠶᠡᠭᠡ  ᠤᠶᠢᠯᠡᠰ ᠤᠨ ᠳᠤᠮᠳᠠ ᠵᠠᠯᠠᠭᠤ ᠨᠠᠰᠤ ᠪᠠᠨ ᠵᠣᠷᠢᠭᠤᠯᠬᠤ ᠪᠣᠯᠤᠨ᠎ᠠ᠃ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠬᠤᠭᠤᠴᠠᠭᠠᠨ ᠳᠤ᠂ ᠯᠢᠶᠠᠩᠴᠧᠩ ᠰᠢᠶᠠᠨ ᠤ ᠠᠵᠢᠯ ᠣᠯᠭᠤᠯᠲᠠ ᠶᠢᠨ ᠲᠣᠪᠴᠢᠶ᠎ᠠ ᠪᠠᠰᠠ ᠡᠮᠡᠭᠲᠡᠶᠢᠴᠦᠳ ᠤᠨ ᠲᠤᠰᠬᠠᠢ ᠠᠵᠢᠯᠯᠠᠭ᠎ᠠ ᠥᠷᠨᠢᠭᠦᠯᠵᠦ᠂ ᠡᠮᠡᠭᠲᠡᠶᠢᠴᠦᠳ ᠲᠤ ᠣᠨᠣᠪᠴᠢᠲᠠᠢ᠂ ᠳᠣᠲᠣᠨᠣ ᠠᠵᠢᠯ ᠣᠯᠭᠤᠯᠲᠠ ᠶᠢᠨ ᠵᠢᠯᠤᠭᠤᠳᠤᠯᠭ᠎ᠠ ᠪᠠ ᠬᠠᠪᠰᠤᠷᠤᠯᠭ᠎ᠠ ᠬᠠᠩᠭᠠᠵᠤ᠂ ᠨᠡᠩ ᠤᠯᠠᠨ ᠡᠮᠡᠭᠲᠡᠶᠢᠴᠦᠳ ᠤᠨ ᠠᠵᠢᠯ ᠣᠯᠭᠤᠯᠲᠠ ᠶᠢᠨ ᠬᠦᠰᠡᠯ ᠢᠶᠠᠨ ᠪᠡᠶᠡᠯᠡᠭᠦᠯᠬᠦ ᠳᠤ ᠬᠦᠴᠦᠨ  ᠨᠡᠮᠡᠷᠢᠯᠡᠨ᠎ᠡ᠃                                         ᠨᠠᠶᠢᠷᠠᠭᠤᠯᠤᠭᠴᠢ᠄   ᠴᠧᠨ ᠰᠢᠶᠤᠤ ᠵᠢᠤᠸᠠᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2