ᠲᠠᠷᠢᠶᠠᠴᠢᠳ ᠤᠨ ᠲᠠᠷᠢᠬᠤ ᠤᠷ᠎ᠠ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ | ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠂ | ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠮᠠᠨ ᠤ ᠰᠢᠶᠠᠨ ᠤ ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ᠃ | | | | | ᠶᠦᠩ ᠰᠢᠩ ᠪᠠᠯᠭᠠᠰᠤᠨ ᠤ ᠱᠢ ᠽᠦᠢ ᠲᠣᠰᠬᠤᠨ ᠤ ᠵᠥᠪᠯᠡᠯ ᠳᠤ᠂ ᠡᠯ᠎ᠡ ᠲᠠᠷᠢᠶᠠᠯᠠᠩ ᠤᠨ ᠮᠡᠷᠭᠡᠵᠢᠯ ᠤᠨ | ᠲᠤᠰᠬᠠᠢ ᠮᠡᠷᠭᠡᠵᠢᠯᠲᠡᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠮᠡᠳᠡᠯᠭᠡ᠂ ᠰᠦᠯᠢᠶᠣᠣ ᠪᠦᠷᠬᠦᠪᠴᠢ ᠶᠢ | ᠬᠤᠷᠢᠶᠠᠨ ᠠᠪᠴᠤ ᠠᠰᠢᠭᠯᠠᠬᠤ᠂ ᠴᠢᠨᠠᠷ ᠰᠠᠶᠢᠲᠠᠢ ᠦᠷ᠎ᠡ ᠰᠣᠩᠭᠤᠬᠤ ᠵᠡᠷᠭᠡ ᠲᠠᠯ᠎ᠠ ᠪᠠᠷ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠤᠮᠵᠢ ᠬᠢᠵᠦ᠂ ᠲᠤᠰᠬᠠᠢ ᠮᠡᠷᠭᠡᠵᠢᠯᠲᠡᠳ ᠤᠨᠤᠯ ᠤᠨ ᠮᠡᠳᠡᠯᠭᠡ ᠶᠢ ᠤᠯᠠᠮᠵᠢᠯᠠᠬᠤ ᠪᠠᠷ ᠪᠠᠷᠠᠬᠤ | ᠦᠭᠡᠢ ᠪᠠᠰᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠲᠣᠰᠬᠤᠨ ᠤ ᠠᠷᠠᠳ ᠲᠤ ᠬᠡᠷᠡᠭᠵᠢᠭᠦᠯᠵᠦ | ᠪᠣᠯᠬᠤᠶᠢᠴᠠ ᠴᠢᠨᠠᠷ ᠢᠶᠠᠷ ᠴᠢᠩᠭ᠎ᠠ᠂ ᠬᠡᠷᠡᠭᠯᠡᠭᠡᠨ ᠤ ᠴᠢᠨᠠᠷ ᠢᠶᠠᠷ ᠥᠨᠳᠥᠷ ᠮᠡᠷᠭᠡᠵᠢᠯ ᠤᠨ ᠵᠢᠯᠤᠭᠤᠳᠤᠯᠭ᠎ᠠ ᠬᠠᠩᠭᠠᠵᠠᠢ | ᠃ ᠠᠵᠢᠯᠲᠠᠳ ᠪᠠᠰᠠ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠢᠯᠡ ᠭᠠᠵᠠᠷ ᠲᠤ ᠤᠬᠠᠭᠤᠯᠭ᠎ᠠ ᠶᠢᠨ ᠵᠢᠷᠤᠭ | ᠨᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠠᠢ ᠨᠢᠭᠤᠷᠳᠠᠨ ᠶᠠᠷᠢᠯᠴᠠᠵᠤ᠂ ᠲᠣᠰᠬᠤᠨ ᠤ | ᠠᠷᠠᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠳ ᠬᠦᠯᠢᠴᠡᠩᠭᠦᠶ ᠪᠠᠷ | ᠬᠠᠷᠢᠭᠤᠯᠲᠠ ᠥᠭᠬᠦ ᠶᠢᠨ ᠬᠠᠮᠲᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠤᠷᠢᠯᠡᠬᠦ ᠲᠥᠰᠦᠯ ᠬᠠᠩᠭᠠᠵᠤ᠂ | ᠲᠣᠰᠬᠤᠨ ᠤ ᠠᠷᠠᠳ ᠢ ᠬᠠᠪᠰᠤᠷᠤᠨ ᠬᠤᠯᠪᠣᠭᠳᠠᠯ ᠪᠦᠬᠦᠢ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠲᠦᠷᠭᠡᠨ | ᠡᠵᠡᠮᠰᠢᠭᠦᠯᠪᠡ᠃ ᠶᠦᠩ ᠰᠢᠩ ᠪᠠᠯᠭᠠᠰᠤᠨ ᠤ ᠱᠢ ᠽᠦᠢ ᠶᠡᠭᠡ ᠠᠩᠭᠢ ᠶᠢᠨ ᠨᠠᠮ ᠤᠨ ᠡᠭᠦᠷ ᠤᠨ ᠱᠦᠵᠢ ᠸᠠᠩ | ᠢᠦᠢ ᠵᠧᠨ ᠥᠨᠥᠳᠦᠷ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠨ ᠤ ᠲᠣᠰᠬᠤᠨ ᠤ | ᠵᠥᠪᠯᠡᠯ ᠳᠤ ᠢᠷᠡᠵᠦ ᠲᠠᠷᠢᠶᠠᠴᠢᠳ ᠲᠤ ᠬᠢᠴᠢᠶᠡᠯ ᠣᠷᠣᠵᠤ᠂ ᠮᠠᠰᠢ ᠤᠯᠠᠨ ᠮᠡᠳᠡᠯᠭᠡ ᠶᠢ ᠲᠠᠶᠢᠯᠪᠤᠷᠢᠯᠠᠵᠤ᠂ ᠮᠠᠨ ᠤ | ᠲᠠᠷᠢᠶᠠᠴᠢᠳ ᠢ ᠲᠠᠷᠢᠶ᠎ᠠ ᠲᠠᠷᠢᠬᠤ ᠲᠤᠬᠠᠢ ᠮᠠᠰᠢ ᠶᠡᠭᠡ ᠲᠠᠨᠢᠯᠲᠠ ᠲᠠᠢ ᠪᠣᠯᠭᠠᠪᠠ᠃ ᠬᠤᠶᠢᠰᠢᠳᠠ ᠪᠢᠳᠡ ᠲᠡᠳᠡᠨ ᠤ | ᠶᠠᠷᠢᠭᠰᠠᠨ ᠠᠭᠤᠯᠭ᠎ᠠ ᠪᠠᠷ ᠪᠤᠷᠳᠤᠭᠤᠷ ᠤᠷᠤᠭᠤᠯᠬᠤ ᠪᠠ ᠦᠷ᠎ᠡ ᠬᠡᠷᠡᠭᠯᠡᠬᠦ ᠳᠤ ᠪᠠᠰᠠ ᠨᠢᠮᠭᠡᠨ ᠪᠦᠷᠬᠦᠪᠴᠢ | ᠪᠠᠶᠢᠨ᠎ᠠ᠃ | | | | | | | | ᠵᠠᠯᠭᠠᠭᠠᠳ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠢ 13 ᠲᠠᠯᠠᠪᠤᠷ ︵ᠤᠳᠠᠭ᠎ᠠ︶ ᠡᠷᠭᠢᠯᠡᠵᠦ᠂ ᠵᠢᠱᠢᠯᠲᠡ ᠪᠠᠷ 600 | ᠬᠥᠮᠦᠨ ᠪᠣᠯᠪᠠᠰᠤᠷᠠᠭᠤᠯᠵᠤ᠂ ᠪᠥᠬᠦ ᠰᠢᠶᠠᠨ ᠤ ᠲᠠᠷᠢᠶᠠᠯᠠᠩ ᠤᠨ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ | ᠥᠭᠬᠦ ᠪᠣᠯᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |