ᠯᠢᠦ ᠶᠢᠨ ᠲᠤᠤ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/13
   3 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠡᠩ ᠤᠨ ᠨᠠᠮ ᠤᠨ ᠭᠡᠰᠢᠭᠦᠨ ᠤ ᠬᠤᠪᠢ ᠪᠠᠷ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠲᠠᠢ ᠬᠠᠮᠲᠤ ᠰᠤᠷᠤᠯᠴᠠᠨ ᠶᠠᠷᠢᠯᠴᠠᠵᠤ᠂ ᠣᠯᠤᠯᠲᠠ ᠲᠦᠷᠦᠭᠳᠡᠯ ᠢᠶᠠᠨ ᠰᠣᠯᠢᠯᠴᠠᠪᠠ᠃    ᠬᠤᠷᠠᠯ ᠠᠴᠠ ᠳᠡᠭᠡᠷ᠎ᠡ ᠵᠢᠯ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠨᠠᠮ ᠤᠨ ᠡᠭᠦᠷ ᠤᠨ ᠬᠠᠷᠢᠭᠤᠴᠠᠯᠭᠠᠲᠠᠨ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃    ᠯᠢᠦ ᠶᠢᠨ ᠲᠤᠤ ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠤᠰ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠪᠠ᠃ ᠯᠢᠦ ᠶᠢᠨ ᠲᠤᠤ ᠬᠡᠯᠡᠬᠦ ᠳᠡᠭᠡᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠨᠢ ᠤᠯᠤᠰ ᠲᠦᠷᠦ ᠶᠢᠨ ᠪᠠᠶᠢᠭᠤᠯᠭ᠎ᠠ᠂ ᠲᠥᠪ ᠪᠠᠶᠢᠭᠤᠯᠭ᠎ᠠ ᠪᠣᠯᠤᠭᠰᠠᠨ ᠤ ᠬᠤᠪᠢ ᠳᠤ᠂ ᠬᠠᠷᠢᠯᠴᠠᠨ ᠨᠡᠪᠲᠡᠷᠡᠯᠴᠡᠵᠦ᠂ ᠶᠡᠷᠦᠩᠬᠡᠶᠢᠯᠡᠨ ᠵᠣᠬᠢᠴᠠᠭᠤᠯᠬᠤ ᠶᠢᠨ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠪᠠᠶᠢᠷᠢ ᠰᠠᠭᠤᠷᠢ ᠣᠨᠴᠠᠭᠠᠢ᠂ ᠦᠢᠯᠡᠳᠦᠯ ᠵᠠᠩᠭᠢᠯᠠᠭ᠎ᠠ ᠪᠣᠯᠤᠨ᠎ᠠ᠃ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠥᠨᠳᠥᠷ ᠱᠠᠭᠠᠷᠳᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠪᠠ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠤᠢ ᠪᠣᠯᠭᠠᠵᠤ᠂ ᠢᠮᠠᠭᠲᠠ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢ ᠪᠠᠲᠤᠯᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠰᠢᠨ᠎ᠡ ᠰᠤᠷᠲᠠᠯ ᠲᠥᠪ ᠰᠤᠷᠲᠠᠯ ᠢ ᠲᠦᠷᠦᠭᠦᠯᠡᠨ ᠪᠠᠳᠠᠷᠠᠭᠤᠯᠬᠤ ᠬᠡᠷᠡᠭᠲᠡᠢ᠃ ᠰᠠᠶᠢᠨ ᠵᠥᠪᠯᠡᠭᠴᠢ ᠲᠤᠰᠠᠯᠠᠭᠴᠢ ᠪᠤᠯᠵᠤ᠂ ᠰᠢᠶᠠᠨ ᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠪᠣᠳᠠᠲᠤ ᠪᠠᠶᠢᠳᠠᠯ ᠢ ᠲᠣᠳᠣᠷᠬᠠᠢ ᠣᠶᠢᠯᠠᠭᠠᠵᠤ ᠂ ᠭᠦᠨᠵᠡᠭᠡᠢ ᠰᠡᠳᠬᠢᠵᠦ᠂ ᠨᠢᠭᠡ ᠰᠡᠳᠬᠢᠯ ᠢᠶᠠᠷ ᠰᠤᠳᠤᠯᠵᠤ᠂ ᠨᠡᠩ ᠤᠯᠠᠨ ᠦᠨ᠎ᠡ ᠦᠷᠳᠡᠭ ᠲᠠᠢ᠂ ᠬᠦᠨᠳᠦᠴᠡ ᠲᠠᠢ ᠰᠠᠨᠠᠯ ᠰᠠᠨᠠᠭᠤᠯᠭ᠎ᠠ ᠬᠠᠩᠭᠠᠬᠤ ᠬᠡᠷᠡᠭᠲᠡᠢ᠃ ᠠᠵᠢᠯ ᠤᠨ ᠪᠠᠶᠢᠷᠢ ᠪᠠᠨ ᠨᠠᠨᠳᠢᠩᠨᠠᠵᠤ᠂ ᠢᠮᠠᠭᠲᠠ ᠠᠵᠢᠯ ᠤᠨ ᠪᠠᠶᠢᠷᠢ ᠳᠤ ᠵᠥᠪ ᠢᠶᠠᠷ ᠬᠠᠨᠳᠤᠬᠤ᠂ ᠥᠪᠡᠷ ᠢ ᠪᠠᠨ ᠯᠠᠪᠳᠠᠭᠤᠨ ᠲᠣᠭᠲᠠᠭᠤᠨ ᠢᠶᠠᠷ ᠬᠠᠨᠳᠤᠬᠤ ᠶᠢ ᠪᠡᠶᠡᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ ᠨᠠᠮ ᠤᠨ ᠬᠤᠷᠢᠶᠠᠨ ᠤ ᠠᠯᠪᠠᠨ ᠬᠡᠷ ᠤᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠡᠩ ᠤᠯᠠᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠤᠯᠠᠨ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2