ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/3/13
  ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠵᠦ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠭᠦᠨ ᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠵᠡᠶ᠃ 3 ᠰᠠᠷ᠎ᠠ ᠶᠢᠨ 11 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠨᠢᠭᠡ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
      ᠲᠣᠰ ᠤᠳᠠᠭᠠᠨ ᠤ ᠠᠵᠢᠯᠯᠠᠭ᠎ᠠ ᠳᠤ ᠿᠢ ᠱᠧᠩ ᠵᠢᠵᠢᠭ ᠬᠤᠭᠤᠯᠠᠨ ᠬᠡᠷ᠂ ᠡᠬᠢᠯᠡᠵᠦ ᠬᠠᠮᠢᠶᠠᠷᠬᠤ ᠲᠥᠪ ᠵᠡᠷᠭᠡ ᠰᠤᠷᠭᠠᠭᠤᠯᠢ ᠶᠢᠨ ᠭᠠᠳᠠᠨᠠᠬᠢ 8 ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠪᠠᠶᠢᠴᠠᠭᠠᠵᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠡᠰᠡᠬᠦ᠂ ᠬᠤᠭᠤᠯᠠᠨ ᠬᠡᠷ ᠤᠨ ᠠᠷᠤ ᠲᠣᠭᠤᠭᠠᠨ ᠬᠡᠷ ᠤᠨ ᠢᠳᠡᠭᠡᠨ ᠤ ᠠᠮᠤᠷ ᠲᠦᠪᠰᠢᠨ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ ᠪᠠᠶᠢᠭᠤᠯᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠡᠰᠡᠭ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠤᠭᠤᠯᠠᠨ ᠤ ᠪᠠᠭᠠᠵᠢ ᠬᠡᠷᠡᠭᠰᠡᠯ ᠤᠨ ᠠᠷᠢᠭᠤᠳᠬᠠᠯ ᠨᠢ ᠪᠠᠷᠢᠮᠵᠢᠶ᠎ᠠ ᠳᠤ ᠬᠦᠷᠦᠭᠰᠡᠨ ᠥᠬᠡᠶ᠂ ᠥᠯᠢᠭᠡᠷ ᠦᠯᠡᠳᠡᠭᠡᠭᠰᠡᠨ ᠴᠠᠭ ᠤᠨ ᠬᠦᠨᠳᠦ ᠨᠢ ᠪᠠᠷᠢᠮᠵᠢᠶ᠎ᠠ ᠳᠤ ᠬᠦᠷᠦᠭᠰᠡᠨ ᠥᠬᠡᠶ ᠵᠡᠷᠭᠡ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃
 
      ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠪᠠᠷ ᠳᠡᠮᠵᠢᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠨᠠᠩ ᠠᠮᠤᠷ ᠲᠦᠪᠰᠢᠨ᠂ ᠡᠷᠡᠭᠦᠯ ᠰᠠᠷᠠᠭᠤᠯ ᠰᠤᠷᠤᠯᠴᠠᠯᠭ᠎ᠠ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠨᠢᠭᠲᠠ ᠬᠠᠮᠲᠤᠷᠠᠯᠴᠠᠬᠤ ᠪᠠᠨ ᠪᠠᠲᠤᠯᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠨᠠᠶᠢᠳᠠᠨ ᠬᠠᠮᠢᠶᠠᠷᠬᠤ ᠪᠠᠶᠢᠭᠤᠯᠤᠮᠵᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠵᠦ᠂ ᠪᠤᠢ ᠪᠦᠬᠦᠢ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢ ᠪᠠᠲᠤᠯᠠᠨ᠎ᠠ᠃ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃                                     ᠨᠠᠶᠢᠷᠠᠭᠤᠯᠤᠭᠴᠢ᠄   ᠶᠠᠩ  ᠿᠦᠢ ᠵᠧᠨ                                     ᠤᠷᠴᠢᠭᠤᠯᠤᠭᠴᠢ  ᠄   ᠼᠦᠢ ᠴᠢᠩ                                                                  
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2