ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 8 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
   3 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ 8 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ 2025 ᠣᠨ ᠤ ᠴᠢᠬᠤᠯᠠ ᠶᠡᠭᠡ ᠲᠥᠷᠥᠯ ᠵᠤᠶᠢᠯ ᠤᠨ ᠠᠬᠢᠴᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠯᠥᠪᠯᠡᠭᠡ᠂ 1 - 2 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠵᠢᠴᠢ ᠠᠶᠤᠯᠭᠦᠶ  ᠤᠶᠢᠯᠡᠳᠪᠤᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2025 ᠣᠨ ᠤ ᠯᠢᠶᠠᠩᠴᠧᠩ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠠᠷᠠᠯᠲᠠ ᠡᠭᠦᠷᠭᠡ ᠶᠢ ᠬᠤᠪᠢᠶᠠᠷᠢᠯᠠᠬᠤ ᠲᠥᠰᠦᠯ︾ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠯᠢᠶᠠᠩᠴᠧᠩ ᠢ ᠲᠦᠷᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠦᠷᠦᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠴᠢᠨᠠᠷ ᠰᠠᠶᠢᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠷ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠ ᠡᠬᠢ ᠡᠭᠦᠰᠦᠯ ᠤᠨ ᠪᠦᠷᠢᠳᠬᠡᠯ ᠢ ᠰᠠᠶᠢᠲᠤᠷ ᠠᠳᠬᠤᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠸ᠎ᠠ ᠠᠵᠤ ᠠᠬᠤᠢ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠡᠨ ᠪᠣᠳᠠᠲᠠᠢ ᠵᠥᠪ ᠣᠨᠣᠪᠴᠢᠲᠠᠢ ᠪᠤᠰᠤᠳᠴᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠭᠠᠯ ᠤᠨ ᠢᠷᠡᠯᠲᠡ ᠶᠢ ᠴᠢᠩᠭ᠎ᠠ ᠡᠵᠡᠮᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2