ᠥᠪᠥᠷ ᠮᠣᠩᠭᠤᠯ ᠤᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠩᠬᠠᠳᠠᠭᠴᠢ ᠪᠦᠯᠦᠭ ᠨᠡᠭᠦᠳᠡᠯ ᠤᠨ ᠰᠢᠪᠠᠭᠤ ᠪᠠᠨ ᠤᠭᠲᠤᠪᠠ
ᠨᠡᠶᠢᠲᠡᠯᠡᠭᠰᠡᠨ ᠴᠠᠭ᠄
2025/3/14
   ᠪᠠᠰᠠ ᠨᠢᠭᠡ ᠵᠢᠯ ᠤᠨ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠤᠯᠠᠷᠢᠯ  ᠪᠤᠯᠵᠦ᠂ ᠠᠭᠤᠷ ᠠᠮᠢᠰᠭᠤᠯ ᠠᠭᠠᠵᠢᠮ ᠢᠶᠠᠷ  ᠲᠤᠯᠠᠭᠠᠷᠠᠬᠤ ᠶᠢ ᠳᠠᠭᠠᠯᠳᠤᠨ᠂   ᠥᠪᠥᠷ ᠮᠣᠩᠭᠤᠯ ᠤᠨ ᠯᠢᠶᠠᠩᠴᠧᠩ ᠰᠢᠶᠠᠨ  ᠤ ᠳᠠᠭ᠎ᠠ ᠶᠢᠨ ᠨᠠᠭᠤᠷ ᠤᠨ ᠪᠠᠢᠭᠠᠯᠢ ᠶᠢᠨ ᠬᠠᠮᠠᠭᠠᠯᠠᠯᠲᠠ ᠶᠢᠨ ᠣᠷᠣᠨ  ᠴᠦ ᠡᠨᠡ ᠵᠢᠯ ᠤᠨ ᠲᠦᠷᠦᠭᠦᠦ ᠪᠦᠯᠦᠭ ᠤᠮᠠᠷᠠᠲᠤ ᠶᠢᠨ ᠨᠡᠭᠦᠳᠡᠯ ᠤᠨ ᠰᠢᠪᠠᠭᠤ  ᠶᠢ ᠤᠭᠲᠤᠨ ᠠᠪᠴᠢᠷᠠᠵᠠᠢ᠃ ᠡᠨᠡ ᠬᠡᠳᠦᠨ ᠡᠳᠦᠷ᠂ ᠠᠭᠠᠵᠢᠮ ᠢᠶᠠᠷ ᠵᠠᠳᠠᠷᠠᠨ ᠭᠡᠰᠴᠦ ᠪᠠᠶᠢᠭ᠎ᠠ ᠳᠠᠭ᠎ᠠ ᠶᠢᠨ ᠨᠠᠭᠤᠷ ᠤᠨ ᠤᠰᠤ ᠭᠢᠯᠠᠯᠵᠠᠨ᠂  ᠪᠢᠴᠢᠬᠠᠨ ᠬᠤᠨ ᠭᠠᠯᠠᠭᠤ ᠲᠩᠷᠢ ᠠᠴᠠ ᠪᠠᠭᠤᠭᠰᠠᠨ ᠳᠠᠭᠢᠨᠢ ᠰᠢᠭ ᠢᠶᠠᠷ ᠲᠣᠯᠢ ᠮᠡᠲᠦ ᠬᠡᠭᠡᠨᠴᠢᠷ ᠰᠠᠶᠢᠬᠠᠨ ᠬᠠᠷᠠᠭᠳᠠᠨ᠎ᠠ᠃ ᠲᠡᠳᠡ ᠵᠠᠷᠢᠮ ᠳᠠᠭᠠᠨ ᠮᠥᠷᠯᠡᠨ ᠨᠠᠭᠠᠳᠤᠵᠤ᠂ ᠪᠠᠶᠢᠨ ᠪᠠᠶᠢᠨ ᠲᠣᠯᠣᠭᠠᠢ ᠪᠥᠬᠦ᠋ᠢᠨ ᠢᠳᠡᠰᠢ ᠡᠷᠢᠵᠦ᠂ ᠦᠷᠭᠦᠯᠵᠢ ᠳᠠᠯᠠᠪᠴᠢ ᠪᠠᠨ ᠳᠡᠯᠭᠡᠨ ᠥᠨᠳᠥᠷ ᠨᠢᠰᠴᠦ᠂ ᠬᠠᠶᠠ ᠪᠠᠰᠠ ᠬᠦᠵᠦᠭᠦᠦ ᠤᠶᠠᠩᠭᠠᠯᠠᠨ ᠳᠠᠭᠤᠷᠢᠰᠴᠤ᠂ ᠪᠦᠬᠦ᠋ᠢᠯᠡ ᠨᠠᠭᠤᠷ ᠤᠨ ᠭᠠᠳᠠᠷᠭᠤ ᠴᠥᠮ ᠲᠡᠳᠡᠨ ᠤ ᠪᠠᠶᠠᠷ ᠬᠥᠷ ᠲᠠᠢ ︽ᠳᠠᠭᠤᠤ︾ ᠶᠢ ᠬᠠᠩᠭᠢᠨᠠᠭᠤᠯᠵᠤ᠂ ᠶᠠᠭ ᠯᠠ ᠡᠬᠡ ᠪᠠᠶᠢᠭᠠᠯᠢ ᠶᠢᠨ ᠡᠶ᠎ᠡ ᠵᠣᠬᠢᠴᠠᠯ ᠲᠠᠢ ᠠᠶᠠᠰ ᠬᠠᠩᠭᠢᠨᠠᠭᠰᠠᠨ ᠰᠢᠭ᠋ ᠰᠠᠨᠠᠭᠳᠠᠨ᠎ᠠ᠃
       ᠳᠠᠭ᠎ᠠ ᠶᠢᠨ ᠨᠠᠭᠤᠷ ᠪᠣᠯ ᠥᠪᠥᠷ ᠮᠣᠩᠭᠤᠯ ᠤᠨ ᠭᠤᠷᠪᠠᠳᠤᠭᠠᠷ ᠶᠡᠭᠡ ᠳᠣᠲᠣᠭᠠᠳᠤ ᠬᠠᠭᠤᠷᠠᠶ ᠶᠢᠨ ᠨᠠᠭᠤᠷ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠭᠤᠷ ᠪᠦᠷᠢᠳᠦ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ᠃ ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠳᠠᠭ᠎ᠠ ᠶᠢᠨ ᠨᠠᠭᠤᠷ ᠤᠰᠤ ᠶᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠠᠳᠡ ᠢᠷᠡᠵᠦ ᠠᠮᠢᠳᠤᠷᠠᠬᠤ ᠨᠡᠭᠦᠳᠡᠯ ᠤᠨ ᠰᠢᠪᠠᠭᠤ ᠶᠢᠨ ᠲᠥᠷᠥᠯ  ᠵᠤᠶᠢᠯ ᠪᠣᠯᠤᠨ ᠲᠤᠭ᠎ᠠ ᠬᠡᠮᠵᠢᠶ᠎ᠡ ᠢᠯᠡᠳᠲᠡ ᠨᠡᠮᠡᠭᠳᠡᠵᠦ᠂ ᠵᠠᠰᠠᠬᠤ ᠠᠴᠠ ᠡᠮᠦᠨᠡᠬᠢ 68 ᠵᠦᠢᠯ ᠪᠠᠶᠢᠭᠰᠠᠨ ᠠᠴᠠ ᠪᠠᠨ ᠣᠳᠣ 101 ᠵᠦᠢᠯ ᠪᠣᠯᠤᠨ ᠨᠡᠮᠡᠭᠳᠡᠵᠦ᠂ ᠳᠠᠭ᠎ᠠ ᠶᠢᠨ ᠨᠠᠭᠤᠷ ᠨᠢᠭᠡᠨᠲᠡ ᠬᠤᠨ ᠭᠠᠯᠠᠭᠤ ᠵᠡᠷᠭᠡ ᠮᠠᠰᠢ ᠣᠯᠠᠨ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠵᠠᠮ ᠤᠨ ᠵᠠᠩᠭᠢᠯᠠᠭ᠎ᠠ ᠶᠢᠨ ︽ᠥᠷᠲᠡᠭᠡ︾ ᠪᠣᠯᠤᠭᠰᠠᠨ ᠪᠠᠶᠢᠨ᠎ᠠ᠃
   ᠲᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤᠬᠠᠭᠤᠯᠭ᠎ᠠ ᠶᠢᠨ ᠬᠢᠴᠢᠶᠡᠯ ᠤᠨ ᠭᠡᠷ ᠤᠨ ᠡᠷᠬᠢᠯᠡᠭᠴᠢ ᠴᠧᠨ ᠢᠦᠶ᠄ ᠡᠨᠡ ᠬᠦ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠳᠤ᠂ ᠮᠠᠨ ᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠬᠠᠮᠠᠭᠠᠯᠠᠬᠤ ᠲᠣᠭᠤᠷᠢᠨ ᠬᠠᠮᠠᠭᠠᠯᠠᠬᠤ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠭᠦᠳᠡᠯ ᠤᠨ ᠰᠢᠪᠠᠭᠤ ᠶᠢᠨ ᠤᠷᠤᠭᠰᠢᠲᠠᠶ ᠪᠠᠷ ᠨᠡᠭᠦᠨ ᠶᠠᠪᠤᠬᠤ ᠶᠢ ᠦᠨᠡᠨ ᠬᠦ ᠪᠠᠲᠤᠯᠠᠬᠤ ᠬᠡᠷᠡᠭᠲᠡᠶ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2