ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ | ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ | ᠶᠠᠷᠢᠯᠴᠠᠨ ᠪᠠᠲᠤᠯᠠᠵᠤ᠂ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ | ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ | ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ | ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ | ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ | ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ ᠪᠤᠰᠤ ᠬᠦᠴᠦᠨ ᠵᠦᠢᠯ ᠯᠦᠭᠡ ᠴᠠᠭ ᠢ ᠠᠮᠵᠢᠨ | ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ | ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ | ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ | ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ | ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ | ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ | ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ | ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ | ᠦᠵᠡᠯᠲᠡ ᠪᠠᠨ ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ | ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ | ᠶᠠᠷᠢᠯᠴᠠᠵᠤ ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ ᠬᠦᠷᠭᠡᠯᠲᠡ ᠶᠢᠨ | ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ ︽ᠳᠦᠷᠢᠮ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ | ᠲᠦᠷᠭᠡᠨ ᠬᠦᠷᠭᠡᠯᠲᠡ ᠶᠢᠨ ᠪᠣᠭᠤᠳᠠᠯ ᠢ ᠪᠣᠬᠢᠷᠲᠤᠯ ᠦᠭᠡᠢ ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ | ᠡᠷᠭᠢᠯᠳᠦᠬᠦ᠋ᠢᠴᠡ ᠶᠢ ᠠᠬᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ | ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ᠃ ᠰᠢᠰᠲ᠋ᠧᠮᠵᠢᠭᠦᠯᠦᠨ ᠵᠠᠰᠠᠬᠤ᠂ ᠬᠠᠮᠵᠢᠯᠴᠠᠨ ᠵᠠᠰᠠᠬᠤ ᠶᠢ | ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ ᠦᠢᠯᠡᠳᠪᠦᠷᠢᠯᠡᠯ ᠤᠨ ᠠᠵᠤ ᠠᠬᠤᠶᠢᠯᠠᠯ᠂ | ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ ᠬᠡᠷᠡᠭᠯᠡᠭᠴᠢᠳ ᠢ ᠬᠥᠲᠥᠯᠥᠨ ᠵᠢᠯᠤᠭᠤᠳᠴᠤ | ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠭᠡᠨ | ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ ᠡᠭᠡᠭᠦᠯᠦᠨ ᠬᠤᠷᠢᠶᠠᠬᠤ᠂ | ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ | ᠪᠠᠭᠤᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |