ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠢᠮᠠᠭᠲᠠ ᠠᠷᠠᠳ ᠲᠦᠮᠡᠨ ᠤ ᠡᠷᠡᠭᠦᠯ ᠮᠡᠨᠳᠦ ᠶᠢ | ᠪᠠᠲᠤᠯᠠᠬᠤ ᠶᠢ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠳᠤ ᠳᠥᠭᠦᠮ | ᠳᠥᠲᠡ᠂ ᠰᠢᠯᠢᠳᠡᠭ ᠰᠠᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠵᠡᠢ᠃ | ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠳᠤ ᠬᠦᠷᠴᠦ᠂ ᠴᠡᠪᠡᠷ ᠴᠡᠮᠴᠡᠭᠡᠷ᠂ ᠠᠭᠤᠳᠠᠮ ᠰᠠᠷᠠᠭᠤᠯ ᠰᠠᠶᠢᠬᠠᠨ ᠡᠪᠡᠳᠴᠢᠨ ᠦᠵᠡᠭᠦᠯᠬᠦ ᠣᠷᠴᠢᠨ | ᠲᠣᠭᠤᠷᠢᠨ ᠢ ᠲᠣᠭᠤᠷᠢᠭ ᠬᠤᠪᠢᠶᠠᠨ ᠲᠣᠳᠣᠷᠬᠠᠢ ᠪᠠᠶᠢᠷᠢᠯᠠᠭᠤᠯᠵᠤ᠂ ᠵᠦᠢ ᠵᠣᠬᠢᠰᠲᠠᠢ ᠳᠣᠲᠣᠷ ᠰᠠᠯᠠᠭ᠎ᠠ᠂ ᠭᠠᠳᠠᠷ | ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠹᠢᠽᠢᠺ ᠵᠠᠰᠠᠯ ᠤᠨ ᠰᠠᠯᠠᠭ᠎ᠠ ᠵᠡᠷᠭᠡ ᠴᠢᠳᠠᠪᠬᠢᠲᠤ ᠦᠢᠯᠡᠴᠢᠯᠡᠭᠡᠨ ᠤ | ᠲᠠᠰᠤᠭ ᠨᠢ ᠠᠰᠠᠭᠤᠨ ᠯᠠᠪᠯᠠᠬᠤ ᠪᠠᠷ ᠢᠷᠡᠭᠰᠡᠨ ᠬᠥᠮᠦᠰ ᠢ ᠠᠩᠬᠠᠷᠴᠤ ᠪᠠᠶᠢᠯ᠎ᠠ᠃ ᠡᠮᠨᠡᠯᠭᠡ ᠳᠤ ᠰᠠᠭᠤᠬᠤ | ᠥᠷᠥᠭᠡᠨ ᠳᠤ᠂ ᠡᠮᠴᠢ ᠶᠠᠭ ᠡᠪᠡᠳᠴᠢᠲᠡᠨ ᠳᠤ ᠨᠠᠷᠢᠨ ᠨᠢᠮᠪᠠᠶ ᠰᠤᠳᠠᠯ ᠪᠠᠷᠢᠵᠤ ᠣᠨᠣᠰᠢᠯᠠᠵᠤ᠂ ᠡᠪᠡᠳᠴᠢᠲᠡᠨ ᠤ | ᠵᠣᠷ᠂ ᠡᠮᠴᠢ ᠶᠢᠨ ᠰᠠᠨᠠᠭᠤᠯᠭ᠎ᠠ ᠶᠢ ᠨᠠᠷᠢᠨ ᠠᠰᠠᠭᠤᠵᠤ᠂ ᠡᠪᠡᠳᠴᠢᠲᠡᠨ ᠳᠤ ᠠᠩᠬᠠᠷᠬᠤ ᠵᠦᠢᠯᠡᠰ ᠢ ᠨᠠᠷᠢᠨ ᠨᠢᠮᠪᠠᠶ | ᠰᠠᠨᠠᠭᠤᠯᠪᠠ᠃ ᠳᠠᠭ᠎ᠠ ᠶᠢᠨ ᠨᠠᠭᠤᠷ ᠪᠠᠯᠭᠠᠰᠤᠨ ᠤ ᠰᠢ ᠶᠢᠩᠽᠢ ᠲᠣᠰᠬᠤᠨ ᠤ ᠠᠷᠠᠳ ᠸᠠᠩ ᠸᠧᠨ ᠰᠢ᠄ ︽ | ᠤᠤᠯ ᠨᠢ ᠡᠪᠡᠳᠴᠢᠨ ᠦᠵᠡᠭᠦᠯᠬᠦ ᠨᠢ ᠪᠢᠳᠡ ᠬᠤᠯᠠ ᠵᠠᠮ ᠬᠦᠶᠦᠬᠦ ᠪᠣᠯᠤᠨ᠎ᠠ᠂ ᠣᠲᠣ ᠡᠷᠬᠢᠨ ᠲᠣᠭᠤᠷᠢᠨ ᠤ ᠣᠯᠠᠨ | ᠲᠦᠮᠡᠨ ᠳᠤ ᠣᠨᠴᠠᠭᠠᠶ ᠲᠥᠬᠦᠮ ᠦᠵᠡᠭᠦᠯᠵᠦ᠂ ᠬᠤᠯᠠ ᠶᠠᠪᠤᠬᠤ ᠬᠡᠷᠡᠭ ᠥᠬᠡᠶ᠂ ᠪᠠᠭ᠎ᠠ ᠡᠪᠡᠳᠴᠢᠨ ᠢ ᠴᠠᠭ | ᠲᠤᠬᠠᠶ ᠳᠤᠨᠢ ᠡᠮᠨᠡᠨ ᠵᠠᠰᠠᠵᠤ᠂ ᠡᠮ ᠬᠤᠳᠠᠯᠳᠤᠨ ᠠᠪᠴᠤ ᠪᠣᠯᠤᠨ᠎ᠠ᠂ ᠪᠠᠰᠠ ᠬᠡᠷ ᠪᠦᠯᠢ ᠶᠢᠨ ᠭᠡᠷ᠎ᠡ ᠲᠣᠭᠲᠠᠭᠰᠠᠨ | ᠡᠮᠴᠢ ᠲᠣᠭᠲᠠᠭᠰᠠᠨ ᠬᠤᠭᠤᠴᠠᠭ᠎ᠠ ᠲᠠᠢ ᠪᠠᠷ ᠪᠢᠳᠡᠨ ᠳᠤ ᠪᠡᠶ᠎ᠡ ᠶᠢᠨ ᠳᠤᠯᠠᠭᠠᠨ ᠢ ᠬᠡᠮᠵᠢᠬᠦ᠂ ᠴᠢᠰᠤᠨ ᠳᠠᠷᠤᠯᠲᠠ ᠶᠢ | ᠬᠡᠮᠵᠢᠬᠦ᠂ ᠡᠮ ᠬᠡᠷᠡᠭᠯᠡᠬᠦ ᠵᠢᠯᠣᠭᠤᠳᠣᠯᠭ᠎ᠠ ᠬᠢᠵᠦ ᠥᠭᠴᠡᠶ᠂ ᠪᠢᠳᠡ ᠮᠠᠰᠢ ᠰᠡᠳᠬᠢᠯ ᠬᠠᠨᠤᠮᠵᠢᠲᠠᠶ ᠪᠠᠶᠢᠨ᠎ᠠ᠂ | ᠡᠶᠢᠮᠦᠷᠬᠦ ᠤᠶᠢᠯᠡᠴᠢᠯᠡᠭᠡ ᠨᠢ ᠡᠷᠡᠭᠦᠯ ᠬᠠᠮᠠᠭᠠᠯᠠᠯ ᠤᠨ ᠬᠤᠷᠢᠶ᠎ᠠ ᠦᠷᠭᠦᠯᠵᠢᠯᠡᠨ ᠦᠷᠭᠦᠯᠵᠢᠯᠡᠵᠦ᠂ ᠪᠢᠳᠡᠨ ᠤ ᠡᠷᠡᠭᠦᠯ | ᠮᠡᠨᠳᠦ ᠶᠢ ᠨᠠᠩ ᠪᠠᠲᠤᠯᠠᠭ᠎ᠠ ᠲᠠᠢ ᠪᠣᠯᠭᠠᠬᠤ ᠶᠢ ᠬᠦᠰᠡᠵᠦ ᠪᠠᠶᠢᠨ᠎ᠠ︾ ᠭᠡᠵᠡᠶ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠯᠢᠶᠠᠩᠴᠧᠩ ᠰᠢᠶᠠᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠭᠡᠷ᠎ᠡ | ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠠᠬᠢᠭᠤᠯᠬᠤ᠂ ᠡᠷᠡᠭᠦᠯ ᠮᠡᠨᠳᠦ ᠶᠢᠨ ᠡᠯᠺᠧᠲᠷᠤᠨ ᠳᠠᠩᠰᠠ | ᠡᠪᠬᠡᠮᠡᠯ ᠢ ᠵᠢᠷᠤᠮᠵᠢᠭᠤᠯᠬᠤ᠂ ︽ᠬᠢᠯᠪᠠᠷ᠂ ᠳᠥᠭᠦᠮ᠂ ᠰᠢᠯᠭᠠᠬᠤ᠂ ᠬᠢᠮᠳᠠ︾ ᠬᠢᠲᠠᠳ ᠡᠮ ᠡᠮᠨᠡᠯᠭᠡ ᠶᠢᠨ | ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠬᠦ᠂ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠴᠢᠩᠭᠠᠳᠬᠠᠬᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ | ᠥᠭᠡᠷᠡᠴᠢᠯᠡᠬᠦ ᠵᠡᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠳᠡᠯᠭᠡᠷᠡᠭᠦᠯᠬᠦ ᠪᠠᠷ ᠳᠠᠮᠵᠢᠭᠤᠯᠤᠨ᠂ ᠤᠯᠠᠨ ᠲᠦᠮᠡᠨ ᠤ | ᠡᠪᠡᠳᠴᠢᠨ ᠦᠵᠡᠭᠦᠯᠬᠦ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠡᠷᠡᠭᠦᠯ | ᠮᠡᠨᠳᠦ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠤᠯᠠᠨ ᠲᠦᠮᠡᠨ ᠤ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠪᠠ ᠠᠮᠢᠳᠤᠷᠠᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠪᠡ᠃ ᠣᠳᠣᠬᠠᠨ ᠳᠤ᠂ | ᠮᠠᠨ ᠤ ᠰᠢᠶᠠᠨ ᠳᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ 11 | ᠪᠠᠶᠢᠵᠤ᠂ 122 ᠡᠷᠡᠭᠦᠯ ᠬᠠᠮᠠᠭᠠᠯᠠᠯ ᠤᠨ ᠲᠠᠰᠤᠭ ᠢ ᠨᠢᠭᠡ ᠴᠤᠭᠴᠠᠵᠢᠭᠤᠯᠤᠨ ᠬᠠᠮᠢᠶᠠᠷᠴᠤ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠡᠯᠺᠧᠲᠷᠤᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 95.4% ᠪᠣᠯᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |