ᠮᠠᠨ ᠤ ᠰᠢᠶᠠᠨ 3.15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
   3 ᠰᠠᠷ᠎ᠠ ᠶᠢᠨ 15 ᠤ ᠡᠳᠦᠷ᠂ ᠮᠠᠨ ᠤ ᠰᠢᠶᠠᠨ 2025 ᠣᠨ ᠤ 3.15 ᠤᠨ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠣᠷᠣᠯᠴᠠᠵᠤ᠂ ᠠᠵᠢᠯᠯᠠᠭ᠎ᠠ ᠨᠢ ︽ᠬᠡᠷᠡᠭᠯᠡᠭᠡ ᠳᠤ ᠬᠠᠨᠤᠮᠵᠢᠲᠠᠶ ᠪᠠᠶᠢᠬᠤ ᠶᠢ ᠬᠠᠮᠲᠤ ᠪᠠᠷ ᠪᠠᠶᠢᠭᠤᠯᠬᠤ︾ ᠶᠢᠨ ᠲᠣᠭᠤᠷᠢᠨ ᠳᠤ ᠭᠤᠤᠯ ᠰᠡᠳᠦᠪ ᠪᠣᠯᠭᠠᠵᠤ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠢ ᠨᠡᠶᠢᠭᠡᠮ ᠢᠶᠠᠷ ᠢᠶᠠᠨ ᠬᠠᠮᠲᠤ ᠪᠠᠷ ᠵᠠᠰᠠᠬᠤ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃
      ᠳ᠋ᠠᠢ ᠬᠠ ᠠᠭᠤᠳᠠᠮ ᠲᠠᠯᠠᠪᠠᠢ ᠳᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠬᠡᠷᠡᠭᠯᠡᠭᠴᠢᠳ ᠲᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠠᠵᠢᠯᠲᠠᠳ ᠤᠯᠠᠨ ᠲᠦᠮᠡᠨ ᠤ ᠠᠰᠠᠭᠤᠨ ᠯᠠᠪᠯᠠᠬᠤ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠬᠠᠭᠤᠷᠮᠠᠭ ᠮᠠᠭᠤ ᠦᠢᠯᠡᠳᠬᠦᠨ ᠢ ᠬᠡᠷᠬᠢᠨ ᠢᠯᠭᠠᠨ ᠲᠠᠨᠢᠬᠤ ᠲᠤᠬᠠᠢ ᠲᠠᠶᠢᠯᠪᠤᠷᠢᠯᠠᠵᠤ᠂ ᠤᠯᠠᠨ ᠲᠦᠮᠡᠨ ᠤ ᠰᠢᠨᠵᠢᠯᠡᠬᠦ ᠤᠬᠠᠭᠠᠨᠴᠢ᠂ ᠣᠶᠤᠨᠴᠢ ᠬᠡᠷᠡᠭᠯᠡᠭᠡ ᠶᠢ ᠬᠦᠳᠦᠯᠦᠨ ᠵᠢᠯᠣᠭᠤᠳᠴᠤ᠂ ᠡᠷᠬᠡ ᠪᠠᠨ ᠬᠠᠮᠠᠭᠠᠯᠠᠬᠤ ᠤᠬᠠᠮᠰᠠᠷ ᠪᠣᠯᠤᠨ ᠬᠤᠳᠠᠯ ᠬᠠᠭᠤᠷᠮᠠᠭ ᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠠᠵᠢᠯᠯᠠᠭ᠎ᠠ ᠳᠤ ᠣᠷᠣᠯᠴᠠᠭᠰᠠᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠯ᠎ᠡ ᠲᠣᠮᠣ ᠬᠡᠲᠦ ᠳᠡᠯᠭᠡᠭᠦᠷ ᠲᠤ ᠭᠦᠨᠵᠡᠭᠡᠶᠢᠷᠡᠵᠦ᠂ ᠨᠢᠭᠤᠷᠲᠠᠨ ᠤᠬᠠᠭᠤᠯᠬᠤ ᠠᠵᠢᠯᠯᠠᠭ᠎ᠠ ᠥᠷᠨᠢᠭᠦᠯᠪᠡ᠃ ᠲᠡᠳᠡ ᠬᠡᠷᠡᠭᠯᠡᠭᠴᠢᠳ ᠪᠣᠯᠤᠨ ᠬᠡᠲᠦ ᠳᠡᠯᠭᠡᠭᠦᠷ ᠤᠨ ᠠᠵᠢᠯᠲᠠᠳ ᠲᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠲᠦ ᠳᠡᠯᠭᠡᠭᠦᠷ ᠤᠨ ᠰᠦᠯᠵᠢᠶᠡᠨ ᠭᠠᠳᠠᠨᠠᠬᠢ 7 ᠡᠳᠦᠷ ᠤᠨ ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠬᠤ ᠢᠯᠡ ᠪᠠᠷ ᠠᠮᠠᠯᠳᠠᠬᠤ ᠰᠠᠨᠠᠭᠠᠴᠢᠯᠠᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢ ᠵᠣᠷᠢᠭᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠬᠠᠤᠯᠢ ᠶᠣᠰᠣᠭᠠᠷ ᠡᠵᠡᠩᠨᠡᠬᠦ ᠵᠠᠷᠴᠢᠮ ᠢ ᠦᠢᠯᠡᠳᠦᠯᠭᠡᠵᠢᠭᠦᠯᠵᠦ᠂ ᠬᠡᠷᠡᠭᠯᠡᠭᠴᠢᠳ ᠲᠤ ᠨᠠᠩ ᠳᠥᠭᠦᠮ ᠳᠥᠲᠡ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠶᠢᠯᠠᠭᠠᠯᠲᠠ ᠬᠠᠩᠭᠠᠪᠠ᠃
    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ    ᠮᠧᠩ ᠯᠢᠩ    ᠲᠣᠰ ᠤᠳᠠᠭᠠᠨ ᠤ ︽ᠬᠡᠷᠡᠭᠯᠡᠭᠡ ᠳᠤ ᠬᠠᠨᠤᠮᠵᠢᠲᠠᠶ ᠪᠠᠶᠢᠬᠤ ᠶᠢ ᠬᠠᠮᠲᠤ ᠪᠠᠷ ᠪᠠᠶᠢᠭᠤᠯᠬᠤ︾ 3.15 ᠠᠵᠢᠯᠯᠠᠭ᠎ᠠ ᠪᠠᠷ ᠳᠠᠮᠵᠢᠭᠤᠯᠤᠨ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠣᠯᠠᠨ ᠳᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠢ ᠨᠠᠩ ᠢᠯᠡᠭᠦᠤ ᠣᠶᠢᠯᠠᠭᠠᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠢᠨᠠᠯᠲᠠ ᠲᠠᠯᠪᠢᠬᠤ ᠳᠠᠷᠤᠯᠲᠠ ᠥᠭᠴᠦ᠂ ᠬᠤᠳᠠᠯᠳᠤᠭᠠᠴᠢᠳ ᠢ ᠰᠢᠮᠳᠠᠭᠤᠯᠵᠤ ᠪᠠᠶᠢᠭᠠᠳ ᠦᠨᠡᠨᠴᠢ ᠢᠲᠡᠭᠡᠮᠵᠢᠲᠡᠶ ᠪᠠᠷ ᠡᠵᠡᠩᠨᠡᠭᠦᠯᠵᠦ᠂ ᠬᠠᠤᠯᠢ ᠶᠣᠰᠣᠭᠠᠷ ᠡᠵᠡᠩᠨᠡᠭᠦᠯᠵᠦ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠡᠪᠡᠷᠰᠢᠭᠦᠯᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠡᠷᠡᠭᠦᠯ᠂ ᠲᠣᠭᠲᠠᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ ᠭᠡᠪᠡ᠃
      ᠲᠣᠰ ᠤᠳᠠᠭᠠᠨ ᠤ ᠠᠵᠢᠯᠯᠠᠭ᠎ᠠ ᠨᠢ ᠮᠠᠨ ᠤ ᠰᠢᠶᠠᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠬᠢ ᠡᠷᠡᠰ ᠵᠣᠷᠢᠭ ᠪᠠ ᠯᠠᠪᠳᠠᠭᠤᠨ ᠪᠠᠲᠤᠲᠠᠶ ᠠᠵᠢᠯᠯᠠᠭ᠎ᠠ ᠶᠢ ᠢᠯᠡᠷᠡᠭᠦᠯᠵᠦ᠂ ᠢᠷᠡᠭᠡᠳᠦᠶ ᠳᠤ ᠮᠠᠨ ᠤ ᠰᠢᠶᠠᠨ ︽ᠬᠡᠷᠡᠭᠯᠡᠭᠡ ᠶᠢ ᠬᠠᠮᠲᠤ ᠪᠠᠷ ᠴᠣᠭᠴᠠᠯᠠᠬᠤ︾ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠬᠡᠷᠡᠭᠯᠡᠭᠡᠨ ᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠥᠲᠥᠭᠡᠨ ᠪᠠᠶᠢᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃                                   ᠨᠠᠶᠢᠷᠠᠭᠤᠯᠤᠭᠴᠢ᠄   ᠶᠠᠩ  ᠿᠦᠢ ᠵᠧᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2