ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠵᠤ᠂ ᠮᠠᠨ ᠤ | ᠰᠢᠶᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ | ᠪᠡᠶᠡᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠵᠢᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠪᠥᠬᠦ ᠰᠢᠶᠠᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ | ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠳᠣᠤᠷᠠᠬᠢ ᠮᠡᠲᠦ ᠵᠠᠷᠯᠠᠪᠠ᠃ ᠨᠢᠭᠡ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠡᠪᠴᠢᠶ᠎ᠡ ᠳᠤ ︽ | ᠯᠢᠶᠠᠩᠴᠧᠩ ᠰᠢᠶᠠᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025 ᠣᠨ︶︾ ᠢ | ᠦᠨᠳᠦᠰᠦᠯᠡᠨ᠂ ᠪᠥᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠠᠯᠠᠪᠠᠶ 13.3 ᠲᠦᠮᠡᠨ ᠮᠥ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠶ 150.23 ᠲᠦᠮᠡᠨ ᠮᠥ ᠪᠣᠯᠤᠨ᠎ᠠ᠃ | 1. ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶ᠎ᠡ᠄ ᠳᠠᠭ᠎ᠠ ᠶᠢᠨ ᠨᠠᠭᠤᠷ ᠢ ᠲᠣᠭᠤᠷᠢᠭᠰᠠᠨ ᠡᠷᠬᠢᠨ | ᠲᠣᠭᠤᠷᠢᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠭᠥᠷᠳᠡᠬᠦ 5 ᠰᠢᠶᠠᠩ ᠪᠠᠯᠭᠠᠰᠤ 28 ᠵᠠᠰᠠᠭ | ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠂ ᠡᠭᠦᠨ ᠳᠤ ᠬᠤᠩ ᠮᠤᠤ ᠪᠠᠯᠭᠠᠰᠤ ᠶᠢᠨ 8 ᠵᠠᠰᠠᠭ ᠵᠠᠬᠢᠷᠭᠠᠨ ᠤ | ᠲᠣᠰᠬᠤᠨ ︵ᠠᠨ ᠽᠢ ᠱᠠᠨ᠂ ᠭᠦᠩ ᠭᠧᠤ᠂ ᠵᠢᠩ ᠭᠧᠤ᠂ ᠮᠠ ᠹᠠᠩ ᠲᠠᠨ᠂ ᠰᠠᠨ ᠢᠩ᠂ ᠰᠢ ᠰᠠᠩ᠂ ᠰᠢᠶᠤᠤ | ᠵᠤᠤ︶᠂ ᠳᠠᠭ᠎ᠠ ᠶᠢᠨ ᠨᠠᠭᠤᠷ ᠪᠠᠯᠭᠠᠰᠤ ᠵᠡᠷᠭᠡ 4 ᠵᠠᠰᠠᠭ ᠵᠠᠬᠢᠷᠭᠠᠨ ᠤ ᠲᠣᠰᠬᠤᠨ ︵ᠭᠤᠷᠪᠠᠳᠤᠭᠠᠷ ᠰᠤᠮᠤ᠂ ᠰᠦ᠋ | ᠢ᠂ ᠲᠠᠪᠤᠳᠤᠭᠠᠷ ᠰᠤᠮᠤ᠂ ᠶᠤᠸᠠᠨ ᠽᠢ ᠱᠠᠨ︶᠂ ᠵᠢᠷᠭᠤᠳᠤᠭᠠᠷ ᠰᠤᠮᠤ ︵ᠨᠠᠢᠮᠠᠳᠤᠭᠠᠷ ᠰᠤᠮᠤ᠂ ᠳ᠋ᠠ ᠭᠧ ᠯᠢᠶᠠᠩ᠂ | ᠬᠤᠤ ᠴᠸᠡ ᠢ᠂ ᠾᠧ ᠱᠧᠩ ᠵᠤᠸᠠᠩ᠂ ᠬᠤᠩ ᠴᠢ ᠨᠢᠤ ᠲᠠᠯᠠᠪᠠᠶ᠂ ᠵᠢᠦ ᠵᠢᠤᠢ ᠨᠢᠤ ᠭᠧᠦ᠂ ᠮᠠ ᠯᠢᠶᠠᠨ ᠲᠠᠨ᠂ | ᠱᠤᠸᠠᠩ ᠭᠦ᠋ ᠴᠧᠩ︶᠂ ᠮᠠᠶᠢᠬᠠᠨᠳᠤ ᠪᠠᠯᠭᠠᠰᠤᠨ ᠤ 5 ᠵᠠᠰᠠᠭ ᠵᠠᠬᠢᠷᠭᠠᠨ ᠤ ᠲᠣᠰᠬᠤᠨ ︵ ᠶᠢᠨ ᠰᠢᠩ᠂ ᠮᠠᠢ ᠱᠧᠩ | ᠂ ᠮᠤ᠋ ᠬᠤᠸᠠ᠂ ᠮᠤ᠋ ᠱᠧᠩ᠂ ᠴᠢᠶᠠᠨ ᠢ︶᠂ ᠲᠢᠶᠠᠨ ᠴᠧᠩ ᠰᠢᠶᠠᠩ ᠤᠨ 1 ᠵᠠᠰᠠᠭ ᠵᠠᠬᠢᠷᠭᠠᠨ ᠤ ᠲᠣᠰᠬᠤᠨ ︵ | ᠰᠠᠨ ᠳ᠋ᠤᠤ ᠶᠢᠩ︶ ᠵᠢᠴᠢ ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ | ᠪᠣᠯᠣᠨ᠎ᠠ᠃ | 2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠦᠷᠢᠶ᠎ᠡ ᠬᠡᠪᠴᠢᠶ᠎ᠡ᠄ ᠪᠦᠬᠦ ᠰᠢᠶᠠᠨ ᠤ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠭᠠᠳᠠᠨᠠᠬᠢ ᠪᠠᠶᠢᠭᠠᠯᠢ ᠶᠢᠨ ᠬᠠᠳᠤᠯᠠᠩ ᠪᠡᠯᠴᠢᠭᠡᠷ ᠪᠣᠯᠤᠨ ᠪᠤᠰᠤᠳ | ᠪᠡᠯᠴᠢᠭᠡᠷ ᠤᠨ᠃ | ᠬᠤᠶᠠᠷ᠂ ᠬᠡᠷᠡᠭᠵᠢᠭᠦᠯᠬᠦ ᠴᠠᠭ ᠬᠤᠭᠤᠴᠠᠭ᠎ᠠ | 1. ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠄ ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ | ᠬᠡᠷᠡᠭᠵᠢᠭᠦᠯᠦᠨ᠎ᠡ᠃ | 2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ᠄ ᠪᠡᠯᠴᠢᠭᠡᠷ ᠥᠨᠵᠢᠭᠦᠯᠬᠦ ᠶᠢ ᠬᠡᠷᠡᠭᠵᠢᠭᠦᠯᠵᠦ᠂ | ᠪᠡᠯᠴᠢᠭᠡᠷ ᠰᠡᠷᠭᠦᠭᠡᠬᠦ ᠬᠤᠭᠤᠴᠠᠭ᠎ᠠ ᠶᠢ 3 ᠳ᠋ᠤᠭᠠᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 15 ᠤ | ᠡᠳᠦᠷ ᠪᠣᠯᠭᠠᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | 1. ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠵᠢᠴᠢ ᠥᠷᠭᠡᠨ ᠣᠯᠠᠨ ᠲᠠᠷᠢᠶᠠᠴᠢᠳ | ᠤᠷᠢᠳᠴᠢᠯᠠᠨ ᠲᠥᠯᠥᠪᠯᠡᠨ ᠪᠡᠯᠡᠳᠬᠡᠵᠦ᠂ ᠰᠡᠯᠭᠦᠨ ᠮᠠᠯᠵᠢᠬᠤ ᠬᠤᠭᠤᠴᠠᠭᠠᠨ ᠳᠠᠬᠢ ᠡᠪᠡᠰᠦ ᠪᠣᠷᠳᠤᠭ᠎ᠠ | ᠲᠣᠬᠢᠷᠠᠭᠤᠯᠤᠨ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠬᠤᠭᠤᠴᠠᠭᠠᠨ ᠳᠤ ᠪᠤᠶ ᠪᠦᠬᠦᠢ ᠮᠠᠯ ᠤᠨᠤᠭ᠎ᠠ ᠶᠢ ᠪᠦᠬᠦᠨ ᠢ | ᠬᠠᠰᠢᠶᠠᠯᠠᠨ ᠲᠡᠵᠢᠭᠡᠵᠦ᠂ ᠨᠤᠲᠤᠭ ᠪᠡᠯᠴᠢᠭᠡᠷ ᠳᠡᠭᠡᠷ᠎ᠡ ᠮᠠᠯ ᠮᠠᠯᠯᠠᠵᠤ ᠪᠣᠯᠬᠤ ᠦᠭᠡᠶ᠂ ᠰᠥᠨᠢ ᠪᠠᠷ ᠮᠠᠯᠵᠢᠬᠤ᠂ | ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃ | 2. ᠡᠯ᠎ᠡ ᠰᠢᠶᠠᠩ ᠪᠠᠯᠭᠠᠰᠤ ᠨᠢ ᠵᠠᠰᠠᠭ ᠵᠠᠬᠢᠷᠭᠠᠨ ᠤ ᠲᠣᠰᠬᠤᠨ ᠢ ᠵᠣᠬᠢᠶᠠᠨ ᠪᠠᠶᠢᠭᠤᠯᠤᠨ ᠨᠤᠲᠤᠭ | ᠪᠡᠯᠴᠢᠭᠡᠷ ᠤᠨ ᠲᠠᠯᠠᠪᠠᠢ᠂ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ | ᠂ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠨ᠎ᠠ᠃ | ᠵᠠᠰᠠᠭ ᠵᠠᠬᠢᠷᠭᠠᠨ ᠤ ᠲᠣᠰᠬᠤᠨ ᠵᠢᠴᠢ ᠥᠷᠭᠡᠨ ᠣᠯᠠᠨ ᠲᠠᠷᠢᠶᠠᠴᠢᠳ ᠪᠡᠯᠴᠢᠭᠡᠷ ᠢᠶᠠᠷ ᠮᠠᠯ ᠢᠶᠠᠨ ᠲᠣᠭᠲᠠᠭᠠᠬᠤ ᠶᠢ | ᠪᠠᠷᠢᠮᠲᠠᠯᠠᠵᠤ᠂ ᠬᠢᠨᠠᠨ ᠲᠣᠭᠲᠠᠭᠠᠭᠰᠠᠨ ᠲᠣᠬᠢᠷᠠᠬᠤ ᠪᠡᠯᠴᠢᠭᠡᠷ ᠤᠨ ᠬᠡᠮᠵᠢᠶ᠎ᠡ ᠶᠢ ᠦᠨᠳᠦᠰᠦᠯᠡᠨ᠂ ᠲᠡᠵᠢᠭᠡᠨ | ᠦᠷᠡᠵᠢᠭᠦᠯᠬᠦ ᠬᠡᠪᠴᠢᠶ᠎ᠡ ᠪᠠ ᠲᠤᠭ᠎ᠠ ᠬᠡᠮᠵᠢᠶ᠎ᠡ ᠪᠠᠨ ᠵᠦᠢ ᠵᠣᠬᠢᠰᠲᠠᠶ ᠲᠣᠬᠢᠷᠠᠭᠤᠯᠵᠤ᠂ ᠬᠠᠰᠢᠶᠠᠯᠠᠨ ᠲᠡᠵᠢᠭᠡᠵᠦ | ᠦᠷᠡᠵᠢᠭᠦᠯᠬᠦ ᠶᠢ ᠢᠳᠡᠪᠬᠢᠲᠡᠶ ᠬᠥᠭᠵᠢᠭᠦᠯᠬᠦ ᠬᠡᠷᠡᠭᠲᠡᠶ᠃ ᠮᠠᠭᠤᠵᠢᠷᠠᠭᠰᠠᠨ᠂ ᠡᠯᠡᠰᠦᠷᠬᠡᠭᠵᠢᠬᠦ ᠬᠠᠨᠳᠤᠰᠢ ᠲᠠᠢ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠠᠶᠢᠳᠠᠯ ᠢ ᠨᠢ ᠦᠵᠡᠵᠦ ᠪᠠᠶᠢᠭᠠᠳ ᠪᠡᠯᠴᠢᠭᠡᠷ ᠤᠨ | ᠪᠠᠭᠲᠠᠭᠠᠮᠵᠢ ᠶᠢ ᠪᠠᠭᠠᠰᠬᠠᠬᠤ ᠬᠡᠷᠡᠭᠲᠡᠶ᠃ | 3. ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠬᠢᠭᠡᠳ ᠥᠷᠭᠡᠨ ᠣᠯᠠᠨ ᠲᠠᠷᠢᠶᠠᠴᠢᠨ ᠶᠠᠮᠠᠷ | ᠨᠢᠭᠡᠨ ᠰᠢᠯᠲᠠᠭ ᠢᠶᠠᠷ ᠪᠤᠶᠤ ᠶᠠᠮᠠᠷᠪᠠ ᠬᠡᠯᠪᠡᠷᠢ ᠪᠠᠷ ᠪᠠᠶᠢᠭᠠᠯᠢ ᠶᠢᠨ ᠨᠤᠲᠤᠭ ᠪᠡᠯᠴᠢᠭᠡᠷ ᠠᠴᠠ ᠭᠠᠳᠠᠷ ᠣᠷᠣᠨ ᠤ ᠮᠠᠯ | ᠤᠨᠤᠭ᠎ᠠ ᠶᠢ ᠴᠤᠭᠯᠠᠭᠤᠯᠵᠤ ᠪᠣᠯᠬᠤ ᠦᠭᠡᠶ᠃ ᠭᠠᠳᠠᠷ ᠣᠷᠣᠨ ᠤ ᠮᠠᠯ ᠤᠨᠤᠭ᠎ᠠ ᠶᠢ ᠡᠯᠰᠡᠨ ᠮᠠᠯ ᠬᠠᠷᠢᠭᠤᠯᠬᠤ ᠳᠤ | ᠡᠷᠬᠡᠪᠰᠢ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠡᠯᠰᠡᠨ ᠠᠪᠤᠭᠰᠠᠨ | ᠮᠠᠯ ᠤᠨᠤᠭ᠎ᠠ ᠶᠢ ᠪᠦᠬᠦᠨ ᠢ ᠴᠡᠪᠡᠷᠯᠡᠬᠦ ᠬᠡᠷᠡᠭᠲᠡᠶ᠃ ᠲᠣᠰ ᠠᠯᠪᠠᠨ ᠵᠠᠷ ᠤᠨ ᠲᠣᠭᠲᠠᠭᠠᠯ ᠢ ᠬᠡᠷᠡᠭᠵᠢᠭᠦᠯᠬᠦ ᠶᠢ | ᠲᠡᠪᠴᠢᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ | ᠰᠡᠷᠭᠡᠶᠢᠯᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ | ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠳᠦᠷᠢᠮ︾ ᠵᠡᠷᠭᠡ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠨ᠎ᠡ᠃ | 4. ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠬᠢᠨ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠤᠬᠠᠭᠤᠯᠭ᠎ᠠ ᠪᠠᠨ ᠴᠢᠩᠭᠠᠳᠬᠠᠵᠤ | ᠂ ᠲᠣᠰᠬᠤᠨ ᠡᠷᠦᠬᠡ ᠳᠠᠷᠠᠭᠠᠯᠠᠨ ︽ᠲᠣᠳᠣᠷᠬᠠᠶ ᠺᠠᠷᠲ︾ ︽ᠮᠡᠳᠡᠭᠳᠡᠬᠦ ᠪᠢᠴᠢᠭ︾ ᠲᠠᠷᠬᠠᠭᠠᠵᠤ᠂ ᠸᠢᠴᠠᠲ᠂ | ᠤᠬᠠᠭᠤᠯᠭ᠎ᠠ ᠶᠢᠨ ᠤᠷᠢᠶ᠎ᠠ ᠯᠣᠽᠦ᠋ᠩ ᠪᠠ ᠷᠠᠳᠢᠣ᠋ ᠨᠡᠪᠲᠡᠷᠡᠭᠦᠯᠭᠡ ᠵᠡᠷᠭᠡ ᠵᠠᠭᠤᠴᠢᠯᠠᠭᠤᠷ ᠢ ᠠᠰᠢᠭᠯᠠᠨ᠂ ᠲᠠᠷᠢᠶᠠᠴᠢᠳ | ᠪᠠ ᠨᠡᠶᠢᠭᠡᠮ ᠤᠨ ᠡᠯ᠎ᠡ ᠡᠲᠡᠭᠡᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠵᠡᠷᠭᠡ ᠦᠢᠯᠡ ᠠᠵᠢᠯᠯᠠᠭ᠎ᠠ | ᠡᠭᠦᠰᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ 5. ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠣᠶ ᠰᠢᠭᠤᠶ ︵ | ᠨᠤᠲᠤᠭ ᠪᠡᠯᠴᠢᠭᠡᠷ︶ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ︵ᠰᠦᠯᠵᠢᠶᠡᠨ ᠤ | ᠠᠵᠢᠯᠴᠢᠨ︶ ᠨᠢ ᠪᠥᠬᠦ ᠤᠯᠤᠰ ᠤᠨ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠬᠤᠯᠪᠣᠭᠠᠯᠠᠨ | ᠬᠥᠳᠡᠯᠦᠯᠴᠡᠬᠦ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ | ᠳᠠᠪᠲᠠᠮᠵᠢ ᠶᠢ ᠨᠡᠮᠡᠭᠳᠡᠭᠦᠯᠦᠨ᠂ ᠬᠤᠯᠠᠭᠠᠶᠢᠯᠠᠨ ᠮᠠᠯᠵᠢᠬᠤ᠂ ᠰᠥᠨᠢ ᠪᠠᠷ ᠮᠠᠯᠵᠢᠬᠤ ᠵᠡᠷᠭᠡ ᠲᠣᠭᠲᠠᠭᠠᠯ ᠠᠴᠠ | ᠵᠥᠷᠢᠴᠡᠨ ᠮᠠᠯᠵᠢᠬᠤ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠪᠤᠰᠤᠳ ᠮᠡᠳᠡᠭᠡ | ᠵᠠᠩᠭᠢ ᠶᠢ ᠴᠠᠭ ᠲᠤᠬᠠᠶ ᠳᠤ ᠨᠢ ᠢᠯᠡᠷᠡᠭᠦᠯᠵᠦ᠂ ᠬᠦᠷᠭᠡᠬᠦ ᠬᠡᠷᠡᠭᠲᠡᠶ᠃ ᠰᠢᠶᠠᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠲᠠᠢ ᠬᠠᠮᠵᠢᠯᠴᠠᠨ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠢᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠮᠠᠯ ᠪᠡᠯᠴᠢᠭᠡᠷᠯᠡᠭᠦᠯᠬᠦ ᠠᠴᠠ ᠪᠣᠯᠵᠣ | ᠨᠤᠲᠤᠭ ᠪᠡᠯᠴᠢᠭᠡᠷ ᠢ ᠡᠪᠳᠡᠭᠰᠡᠨ ᠪᠠᠶᠢᠪᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠦᠨᠳᠦᠰᠦᠯᠡᠨ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠣᠭᠰᠣᠭᠠᠬᠤ ᠶᠢᠨ ᠬᠠᠮᠲᠤ ᠬᠤᠯᠪᠣᠭᠳᠠᠯ ᠪᠥᠬᠦᠶ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠡᠬᠡᠮᠵᠢᠯᠡᠨ᠎ᠡ᠃ | ᠳᠥᠷᠪᠡ᠂ ᠰᠢᠢᠳᠬᠡᠯ ᠤᠨ ᠲᠣᠭᠲᠠᠭᠠᠯ | 1. ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠪᠦᠰᠡ ᠪᠤᠶᠤ ᠰᠡᠯᠭᠦᠨ ᠮᠠᠯᠵᠢᠬᠤ ᠬᠤᠭᠤᠴᠠᠭᠠᠨ ᠳᠤ ᠮᠠᠯ | ᠬᠠᠷᠢᠭᠤᠯᠤᠭᠰᠠᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠰᠡᠯᠭᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ | ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠵᠠᠷᠯᠢᠭᠳᠠᠨ ᠵᠠᠯᠠᠷᠠᠭᠤᠯᠵᠤ᠂ ᠬᠠᠤᠯᠢ ᠶᠢ ᠵᠥᠷᠢᠴᠡᠨ ᠬᠤᠨᠢ ᠮᠠᠯᠵᠢᠵᠤ ᠪᠠᠶᠢᠭ᠎ᠠ ᠨᠢᠭᠡᠴᠢ ᠨᠢᠭᠡᠪᠦᠷᠢ ᠳᠤ 120 | ᠲᠥᠭᠦᠷᠢᠭ ᠤᠨ ᠵᠣᠭᠤᠰ ᠢᠶᠠᠷ ᠲᠣᠷᠭᠠᠨ᠎ᠠ᠃ ᠣᠶ ᠰᠢᠭᠤᠶ ᠶᠢᠨ ᠭᠠᠵᠠᠷ ᠲᠤ ᠮᠠᠯ ᠮᠠᠯᠵᠢᠭᠰᠠᠨ ᠠᠴᠠ ᠪᠣᠯᠵᠤ ᠣᠶ | ᠮᠣᠳᠣ ᠶᠢ ᠰᠦᠢᠳᠬᠡᠭᠰᠡᠨ ᠪᠣᠯ᠂ ᠣᠶ ᠰᠢᠭᠤᠶ ᠡᠪᠡᠰᠦ ᠪᠡᠯᠴᠢᠭᠡᠷ ᠢ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢᠨ ᠳᠠᠯᠠᠨ | ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠤᠤᠯ ᠭᠠᠵᠠᠷ ᠪᠤᠶᠤ ᠣᠨᠳᠣᠤ ᠭᠠᠵᠠᠷ ᠲᠤ ᠤᠷᠭᠤᠮᠠᠯ ᠤᠨ | ᠬᠤᠴᠢᠯᠭ᠎ᠠ ᠶᠢ ᠨᠢ ᠨᠥᠬᠦᠵᠦ ᠳᠡᠷᠢᠬᠤ ᠬᠡᠷᠡᠭᠲᠡᠶ᠃ ᠬᠠᠤᠯᠢ ᠲᠣᠭᠲᠠᠭᠠᠯ ᠶᠣᠰᠣᠭᠠᠷ ᠰᠢᠳᠬᠡᠬᠦ ᠠᠴᠠ ᠭᠠᠳᠠᠨ᠎ᠠ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ | ᠭᠥᠷᠳᠡᠭᠡᠭᠡᠳ ᠮᠥᠨ ᠬᠦ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠨ ᠮᠠᠯᠵᠢᠭᠰᠠᠳ ᠲᠤ ᠵᠣᠬᠢᠬᠤ ᠨᠥᠬᠦᠪᠥᠷᠢ | ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠤᠭᠤᠯᠵᠤ᠂ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ | ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠮᠡᠳᠡᠭᠳᠡᠬᠦ ᠶᠢᠨ ᠬᠠᠮᠲᠤ ᠵᠠᠰᠠᠭ ᠵᠠᠬᠢᠷᠭᠠᠨ ᠤ ᠲᠣᠰᠬᠤᠨ ᠤ ᠬᠡᠪᠴᠢᠶᠡᠨ ᠳᠤ | ᠵᠠᠷᠯᠠᠨ ᠨᠡᠶᠢᠲᠡᠯᠡᠬᠦ ᠬᠡᠷᠡᠭᠲᠡᠶ︔ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ︽ | ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠬᠢᠬᠢᠷᠢ ᠶᠢᠨ ᠨᠠᠭᠤᠷ ᠤᠨ ᠬᠠᠮᠠᠭᠠᠯᠠᠯᠲᠠ ᠶᠢᠨ ᠲᠦᠷᠢᠮ︾ ᠤᠨ | ᠵᠣᠬᠢᠬᠤ ᠲᠣᠭᠲᠠᠭᠠᠯ ᠢ ᠦᠨᠳᠦᠰᠦᠯᠡᠨ ᠰᠢᠳᠭᠡᠨ ᠲᠣᠷᠭᠠᠨ᠎ᠠ᠃ | 2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠨᠤᠲᠤᠭ ᠪᠡᠯᠴᠢᠭᠡᠷ ᠳᠡᠭᠡᠷ᠎ᠡ | ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ | ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ ᠬᠢᠯᠭᠡᠨ᠎ᠡ | ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠶ ᠪᠣᠯ ᠪᠠᠭᠲᠠᠭᠠᠮᠵᠢ ᠠᠴᠠ ᠬᠡᠲᠦᠷᠡᠭᠰᠡᠨ ᠬᠤᠨᠢ ᠨᠢᠭᠡᠪᠦᠷᠢ ᠪᠠᠷ | 100 ᠲᠥᠭᠦᠷᠢᠭ ᠵᠣᠭᠤᠰ ᠢᠶᠠᠷ ᠲᠣᠷᠭᠠᠨ᠎ᠠ᠃ | 3. ᠬᠠᠤᠯᠢ ᠶᠣᠰᠣᠭᠠᠷ ᠰᠢᠳᠬᠡᠨ ᠲᠣᠷᠭᠠᠬᠤ ᠲᠣᠭᠲᠠᠭᠠᠯ ᠭᠠᠷᠭᠠᠬᠤ᠂ ᠲᠤᠬᠠᠶ ᠶᠢᠨ ᠬᠥᠮᠦᠨ ᠬᠠᠤᠯᠢ ᠪᠠᠷ | ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠶ ᠪᠤᠶᠤ ᠵᠠᠷᠭᠤ ᠬᠢᠬᠦ | ᠦᠭᠡᠶ ᠮᠥᠷᠲᠡᠭᠡᠨ ᠪᠠᠰᠠ ᠭᠦᠢᠴᠡᠳᠬᠡᠬᠦ ᠦᠭᠡᠶ ᠪᠣᠯ ᠰᠢᠳᠬᠡᠨ ᠲᠣᠷᠭᠠᠬᠤ ᠪᠠᠶᠢᠭᠤᠯᠤᠯᠭ᠎ᠠ ᠨᠢ ᠰᠢᠶᠠᠨ ᠤ ᠠᠷᠠᠳ ᠤᠨ | ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠯᠭ᠎ᠠ ᠪᠠᠷ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ | ᠨᠠᠶᠢᠳᠠᠪᠤᠷᠢᠵᠢᠭᠤᠯᠤᠭᠰᠠᠨ ᠦᠭᠡᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠰᠡᠨ ᠨᠣᠷᠮ᠎ᠠ ᠨᠢ 10% ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠪᠡᠯ᠂ ᠰᠢᠶᠠᠩ ᠪᠠᠯᠭᠠᠰᠤ ᠠᠴᠠ ᠰᠢᠶᠠᠨ ᠤ ᠣᠶ ᠰᠢᠭᠤᠶ | ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ | ᠪᠡᠯᠴᠢᠭᠡᠷᠯᠡᠭᠦᠯᠬᠦ ᠡᠷᠦᠬᠡ ᠶᠢ ᠲᠣᠭᠲᠠᠭᠠᠯ ᠶᠣᠰᠣᠭᠠᠷ ᠰᠢᠳᠭᠡᠨ᠎ᠡ᠃ | 4. ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠵᠣᠷᠢᠭᠤᠳᠠ | ᠨᠥᠯᠥᠭᠡᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢ ᠦᠨᠳᠦᠰᠦᠯᠡᠨ | ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠳᠤ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠣᠳᠠᠰᠣ | ᠯᠢᠶᠠᠩᠴᠧᠩ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0474 - 420123 | ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠤᠶᠢᠯᠡᠴᠢᠯᠡᠭᠡᠨ ᠤ ᠲᠥᠪ᠄ 0474 - 4203336 | ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ᠄ 0474- 4201488 | ᠬᠤᠩ ᠮᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474-2272341 | ᠵᠢᠷᠭᠤᠳᠤᠭᠠᠷ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474-4443436 | ᠲᠠᠭ᠎ᠠ ᠶᠢᠨ ᠨᠠᠭᠤᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474-4486627 | ᠲᠢᠶᠠᠨᠴᠧᠩ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474-4408425 | ᠶᠦᠩ ᠰᠢᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474-4520016 | ᠮᠠᠩᠬᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474-4522035 | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ | ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ 14 ᠤ ᠡᠳᠦᠷ | | |