ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠄ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠬᠠᠩᠭᠠᠵᠤ᠂ ᠲᠠᠷᠢᠶᠠᠯᠠᠩ ᠠᠵᠤ ᠠᠬᠤᠶᠢᠯᠠᠯ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/20
    ᠬᠠᠪᠤᠷ ᠤᠨ ᠤᠯᠠᠷᠢᠯ  ᠬᠦᠷᠴᠦ  ᠢᠷᠡᠨ᠂ ᠲᠦᠮᠡᠨ ᠦᠵᠡᠭᠳᠡᠯ ᠠᠴᠠ ︽ᠲᠠᠷᠢᠶᠠᠯᠠᠬᠤ︾ ᠰᠢᠨ᠎ᠡ ᠴᠠᠭ ᠢ ᠤᠯᠵᠦ ᠬᠠᠷᠠᠨ᠎ᠠ᠃ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠤ ᠬᠦᠷᠴᠦ ᠢᠷᠡᠬᠦ ᠶᠢ ᠳᠠᠭᠠᠯᠳᠤᠨ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠭᠤᠤᠯ ᠬᠦᠴᠦᠨ ᠤ  ᠤᠶᠢᠯᠡᠳᠤᠯ ᠢ  ᠭᠦᠢᠴᠡᠳ ᠪᠠᠳᠠᠷᠠᠭᠤᠯᠵᠤ᠂ ᠲᠠᠷᠢᠶᠠᠴᠢᠨ ᠠᠵᠤ ᠠᠬᠤᠶᠢᠯᠠᠯ ᠲᠠᠷᠢᠶᠠᠴᠢᠨ ᠡᠷᠦᠬᠡ ᠳᠤ ᠢᠳᠡᠪᠬᠢᠲᠡᠶ ᠪᠠᠷ ᠪᠠᠯᠠ ᠮᠥᠩᠭᠦ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠬᠠᠩᠭᠠᠵᠤ᠂ ᠪᠥᠬᠦ ᠬᠦᠴᠦᠨ ᠢᠶᠠᠷ ᠢᠶᠠᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠣᠶᠢᠷ᠎ᠠ ᠳᠤ᠂ ᠯᠢᠶᠠᠩᠴᠧᠩ ᠰᠢᠶᠠᠨ ᠤ ᠮᠠᠶᠢᠬᠤᠳᠤ ᠪᠠᠯᠭᠠᠰᠤᠨ ᠤ ᠮᠢᠩ ᠱᠧᠩ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠪᠠ ᠮᠠᠶᠢᠬᠤᠲᠤ ᠪᠠᠯᠭᠠᠰᠤᠨ ᠤ ᠪᠠᠭ᠎ᠠ ᠰᠠᠭ᠎ᠠ ᠲᠠᠷᠢᠶᠠᠯᠠᠩ ᠤᠨ  ᠤᠶᠢᠯᠡᠳᠪᠤᠷᠢᠯᠡᠯ ᠤᠨ ᠬᠡᠷᠡᠭᠰᠡᠯ ᠪᠣᠷᠣᠯᠠᠭᠤᠯᠬᠤ ᠴᠡᠭ ᠲᠤ ᠰᠤᠷᠪᠤᠯᠵᠢᠯᠠᠭᠴᠢ ᠲᠠᠷᠢᠶᠠᠴᠢᠨ ᠠᠵᠤ ᠠᠬᠤᠶᠢᠯᠠᠯ ᠶᠠᠭ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠪᠡᠯᠡᠳᠬᠡᠵᠦ ᠪᠠᠶᠢᠯ᠎ᠠ᠃ ᠣᠶᠢᠯᠠᠭᠠᠭᠰᠠᠨ ᠢᠶᠠᠷ᠂ ᠵᠢᠯ ᠪᠦᠷᠢ ᠶᠢᠨ ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ᠂ ᠲᠠᠷᠢᠶᠠᠯᠠᠩ ᠤᠨ ᠠᠵᠤ ᠠᠬᠤᠶᠢᠯᠠᠯ ᠪᠠ ᠲᠠᠷᠢᠶᠠᠴᠢᠨ ᠡᠷᠦᠬᠡ ᠴᠥᠮ ᠶᠡᠭᠡ ᠬᠡᠮᠵᠢᠶᠡᠨ ᠤ ᠪᠡᠯᠡ ᠮᠥᠩᠭᠦ ᠬᠡᠷᠡᠭᠯᠡᠵᠦ ᠲᠠᠷᠢᠶᠠᠯᠠᠩ ᠤᠨ ᠬᠡᠷᠡᠭᠰᠡᠯ ᠵᠡᠷᠭᠡ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠳᠤ ᠬᠡᠷᠡᠭᠯᠡᠬᠦ ᠬᠡᠷᠡᠭᠲᠡᠢ᠃ ᠡᠨᠡᠬᠦ ᠬᠡᠷᠡᠭᠴᠡᠭᠡ ᠶᠢᠨ ᠡᠮᠦᠨ᠎ᠡ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠢᠳᠡᠪᠬᠢᠲᠡᠢ ᠬᠥᠳᠡᠯᠦᠯᠴᠡᠵᠦ᠂ ᠲᠠᠷᠢᠶᠠᠴᠢᠨ ᠠᠵᠤ ᠠᠬᠤᠶᠢᠯᠠᠯ ᠲᠠᠷᠢᠶᠠᠴᠢᠨ ᠡᠷᠦᠬᠡ ᠳᠤ ᠴᠠᠭ ᠲᠤᠬᠠᠢ ᠳᠤᠨᠢ᠂ ᠪᠦᠲᠦᠮᠵᠢᠲᠡᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃     ᠮᠠᠶᠢᠬᠤᠳᠤ ᠶᠢᠨ ᠮᠢᠩ ᠱᠧᠩ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠰᠥᠩ ᠮᠢᠩ ᠱᠧᠩ ᠵᠢᠯ ᠪᠦᠷᠢ ᠡᠨᠡ ᠬᠡᠳᠦᠨ ᠡᠳᠦᠷ ᠠᠴᠠ ᠡᠬᠢᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠢᠵᠦ᠂ ᠡᠨᠡ ᠵᠢᠯ ᠢᠲᠡᠭᠡᠮᠵᠢ ᠶᠢᠨ ᠬᠤᠷᠰᠢᠶ᠎ᠠ ᠠᠴᠠ ᠵᠠᠭᠤᠨ ᠲᠦᠮᠡᠨ ᠵᠢᠭᠡᠯᠡᠯᠭᠡ ᠲᠠᠯᠪᠢᠵᠤ᠂ ᠡᠨᠡ ᠵᠢᠯ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠪᠠᠭᠤᠷᠠᠭᠤᠯᠪᠠ᠂ ᠳᠣᠤᠷᠠᠬᠢ ᠵᠣᠭᠤᠰ ᠴᠤ ᠨᠡᠯᠢᠶᠡᠳ ᠲᠦᠷᠭᠡᠨ ᠪᠣᠯᠪᠠ᠃ ᠲᠠᠷᠢᠶᠠᠯᠠᠩ ᠠᠵᠤ ᠠᠬᠤᠶᠢᠯᠠᠯ ᠲᠠᠷᠢᠶᠠᠴᠢᠨ ᠡᠷᠦᠬᠡ ᠶᠢᠨ ᠣᠯᠠᠨ ᠶᠠᠩᠵᠤ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠲᠤᠰᠬᠠᠶᠢᠯᠠᠨ ︽ᠲᠠᠷᠢᠶᠠᠯᠠᠩ ᠢ ᠬᠥᠭᠵᠢᠭᠦᠯᠬᠦ ᠲᠦᠷᠭᠡᠨ ᠵᠢᠭᠡᠯᠡᠯᠭᠡ ︾ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠶᠢᠲᠡᠯᠡᠪᠡ᠃ ᠲᠣᠰ ᠦᠢᠯᠡᠳᠬᠦᠨ ᠨᠢ ᠬᠢᠨᠠᠨ ᠵᠥᠪᠰᠢᠶᠡᠷᠡᠬᠦ ᠨᠢ ᠲᠦᠷᠭᠡᠨ᠂ ᠲᠤᠭ᠎ᠠ ᠬᠡᠮᠵᠢᠶ᠎ᠡ ᠨᠢ ᠥᠨᠳᠥᠷ᠂ ᠠᠪᠴᠤ ᠬᠡᠷᠡᠭᠯᠡᠬᠦ ᠨᠢ ᠠᠮᠢᠳᠤᠯᠢᠭ ᠵᠡᠷᠭᠡ ᠳᠠᠪᠠᠭᠤᠯᠢᠭ ᠲᠠᠢ᠃ ᠡᠭᠦᠨ ᠤ ᠬᠠᠮᠲᠤ᠂ ᠪᠠᠰᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠵᠢᠭᠡᠯᠡᠯᠭᠡ ᠶᠢᠨ  ᠤᠶᠢᠯᠡᠴᠢᠯᠡᠭᠡᠨ ᠤ ᠵᠠᠭᠪᠤᠷ ᠢ ᠪᠠᠶᠢᠭᠤᠯᠵᠤ᠂ ︽ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠡᠭᠦᠳᠡᠨ ᠳᠤᠨᠢ  ᠭᠦᠢᠴᠡᠳᠭᠡᠬᠦ︾᠂ ︽ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠲᠤᠬᠠᠶ ᠶᠢᠨ ᠲᠠᠯᠠᠪᠤᠷ ᠲᠤ ᠲᠠᠯᠪᠢᠬᠤ︾ ᠠᠶᠢᠯᠴᠢᠯᠠᠬᠤ ᠬᠠᠷᠠᠯᠲᠠ ᠶᠢ ᠪᠡᠶᠡᠯᠡᠭᠦᠯᠵᠦ᠂ ᠲᠠᠷᠢᠶᠠᠯᠠᠩ ᠠᠵᠤ ᠠᠬᠤᠶᠢᠯᠠᠯ ᠲᠠᠷᠢᠶᠠᠴᠢᠨ ᠡᠷᠦᠬᠡ ᠳᠤ ᠲᠦᠢᠯ ᠤᠨ ᠶᠡᠭᠡ ᠲᠥᠬᠦᠮ ᠦᠵᠡᠭᠦᠯᠵᠦ᠂ ᠲᠡᠳᠡᠨ ᠢ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠪᠠᠶᠢᠭᠰᠠᠨ ᠠᠴᠠ ︽ᠨᠢᠭᠡ ᠤᠳᠠᠭ᠎ᠠ ᠴᠦ ᠭᠦᠶᠦᠯᠭᠡᠬᠦ ᠥᠬᠡᠶ︾ ᠪᠣᠯᠭᠠᠵᠤ᠂ ᠳᠥᠭᠦᠮ ᠳᠥᠲᠡ᠂ ᠥᠨᠳᠥᠷ ᠪᠦᠲᠦᠮᠵᠢᠲᠡᠶ ᠮᠥᠩᠭᠦᠨ  ᠭᠦᠢᠯᠭᠡᠭᠡᠨ ᠤ  ᠤᠶᠢᠯᠡᠴᠢᠯᠡᠭᠡ ᠶᠢ ᠦᠨᠡᠨ ᠬᠦ ᠭᠥᠷᠳᠡᠪᠡ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2