ᠣᠶᠢᠷ᠎ᠠ ᠶᠢᠨ ᠬᠤᠭᠤᠴᠠᠭᠠᠨ ᠳᠤ᠂ ᠬᠠᠪᠤᠷ ᠤᠨ ᠲᠠᠷᠢᠶᠠᠯᠠᠭ᠎ᠠ ᠬᠠᠪᠤᠷ ᠤᠨ ᠤᠰᠤᠯᠠᠯᠲᠠ ᠳᠤ ᠬᠡᠷᠡᠭᠯᠡᠬᠦ | ᠴᠠᠬᠢᠯᠭᠠᠨ ᠤ ᠠᠮᠤᠷ ᠲᠦᠪᠰᠢᠨ ᠤ ᠲᠥᠯᠥᠭᠡ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠶᠢᠨ ᠲᠥᠯᠥᠭᠡ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ | ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠡᠪ ᠬᠠᠮᠲᠤ ᠨᠠᠮ ᠤᠨ ᠭᠡᠰᠢᠭᠦᠨ ᠤ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠣᠳᠣᠬᠠᠨ ᠤ ᠬᠠᠪᠤᠷ ᠤᠨ ᠤᠯᠠᠷᠢᠯ ᠤᠨ | ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ ᠴᠠᠬᠢᠯᠭᠠᠨ ᠬᠦᠴᠦᠨ ᠤ ᠬᠠᠪᠤᠷ ᠤᠨ | ᠲᠠᠷᠢᠶᠠᠯᠠᠭ᠎ᠠ ᠶᠢ ᠬᠠᠮᠠᠭᠠᠯᠠᠬᠤ ᠲᠤᠰᠬᠠᠶ ᠠᠵᠢᠯᠯᠠᠭ᠎ᠠ ᠥᠷᠨᠢᠭᠦᠯᠵᠦ᠂ ︽ᠭᠦᠢᠴᠡᠳ ᠴᠠᠬᠢᠯᠭᠠᠨ︾ ᠢᠶᠠᠷ | ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠤᠰᠤᠯᠠᠯᠲᠠ ᠳᠤ ᠬᠡᠷᠡᠭᠯᠡᠬᠦ ᠴᠠᠬᠢᠯᠭᠠᠨ ᠲᠥᠪᠯᠡᠷᠡᠭᠰᠡᠨ ᠣᠨᠴᠠᠯᠢᠭ ᠲᠤ ᠴᠢᠭᠯᠡᠭᠦᠯᠦᠨ᠂ | ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ ᠤᠷᠢᠳᠴᠢᠯᠠᠨ ᠪᠠᠶᠢᠷᠢᠯᠠᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ | ᠵᠢᠯᠣᠭᠤᠴᠢ ᠥᠬᠡᠶ ᠮᠠᠰᠢᠨ ᠤ ᠲᠣᠭᠤᠷᠢᠨ ᠪᠠᠶᠢᠴᠠᠭᠠᠬᠤ᠂ ᠤᠯᠠᠭᠠᠨ ᠤ ᠭᠠᠳᠠᠨᠠᠬᠢ ᠳᠤᠯᠠᠭᠠᠨ ᠤ ᠬᠡᠮᠵᠢᠯᠲᠡ ᠵᠡᠷᠭᠡ | ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠬᠠᠷᠢᠶ᠎ᠠ ᠣᠷᠣᠨ ᠤ ᠳᠣᠲᠣᠷᠠᠬᠢ ᠥᠨᠳᠥᠷ ᠳᠣᠤᠷ᠎ᠠ ᠬᠦᠴᠦᠳᠡᠯᠲᠦ | ᠤᠰᠤᠯᠠᠯᠲᠠ ᠶᠢᠨ ᠱᠤᠭᠤᠮ᠂ ᠤᠰᠤ ᠵᠠᠯᠠᠬᠤ ᠲᠠᠪᠴᠠᠩ ᠤᠨ ᠣᠷᠣᠨ ᠵᠢᠴᠢ ᠬᠠᠪᠤᠷ ᠤᠨ ᠤᠰᠤᠯᠠᠯᠲᠠ ᠳᠤ ᠬᠡᠷᠡᠭᠯᠡᠬᠦ | ᠴᠠᠬᠢᠯᠭᠠᠨ ᠤ ᠲᠥᠬᠦᠭᠡᠷᠦᠮᠵᠢ ᠳᠤ ᠪᠥᠬᠦ ᠲᠠᠯ᠎ᠠ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ | ᠂ ᠬᠠᠭᠤᠴᠢᠨ ᠵᠠᠮ ᠱᠤᠭᠤᠮ᠂ ᠰᠤᠯᠠᠷᠠᠨ ᠵᠠᠯᠭᠠᠬᠤ ᠵᠡᠷᠭᠡ ᠳᠠᠯᠳᠠ ᠬᠡᠮ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ | ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠲᠠᠷᠢᠶᠠᠨ ᠭᠠᠵᠠᠷ ᠤᠨ | ᠤᠰᠤᠯᠠᠯᠲᠠ ᠳᠤ ᠴᠠᠬᠢᠯᠭᠠᠨ ᠲᠠᠰᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠪᠠ᠃ | ᠡᠭᠦᠨ ᠠᠴᠠ ᠭᠠᠳᠠᠨ᠎ᠠ᠂ ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ ᠪᠠᠰᠠ ᠲᠠᠷᠢᠶᠠᠴᠢᠨ ᠡᠷᠦᠬᠡ ᠳᠤ | ᠬᠠᠪᠤᠷ ᠤᠨ ᠲᠠᠷᠢᠶᠠᠯᠠᠭ᠎ᠠ ᠶᠢᠨ ᠴᠠᠬᠢᠯᠭᠠᠨ ᠬᠡᠷᠡᠭᠯᠡᠬᠦ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠴᠠᠬᠢᠯᠭᠠᠨ | ᠡᠷᠭᠢᠯᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠳᠥᠭᠦᠮᠴᠢᠯᠡᠵᠦ᠂ ︽ᠨᠢᠭᠡ ᠥᠷᠲᠡᠭᠡᠨ ᠤ ᠮᠠᠶ᠋ᠢᠭ︾ ᠤᠨ | ᠦᠢᠯᠡᠴᠢᠯᠡᠭᠡ ᠬᠠᠩᠭᠠᠪᠠ᠃ ᠲᠡᠷᠡᠴᠢᠯᠡᠨ ︽ᠥᠪᠥᠷ ᠮᠣᠩᠭᠤᠯ ᠤᠨ ᠴᠠᠬᠢᠯᠭᠠᠨ ᠲᠣᠣᠷ︾ ᠤᠨ ᠨᠡᠶᠢᠲᠡ ᠶᠢᠨ ᠳ᠋ᠤᠭᠠᠷ | APP ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠲᠠᠷᠢᠶᠠᠴᠢᠨ ᠡᠷᠦᠬᠡ ᠳᠤ | ᠭᠡᠷ ᠠᠴᠠ ᠪᠠᠨ ᠭᠠᠷᠬᠤ ᠦᠭᠡᠢ ᠪᠠᠷ ᠴᠠᠬᠢᠯᠭᠠᠨ ᠡᠷᠬᠢᠯᠡᠬᠦ ᠦᠢᠯᠡᠴᠢᠯᠡᠭᠡ ᠬᠠᠩᠭᠠᠵᠤ᠂ ᠴᠠᠬᠢᠯᠭᠠᠨ ᠡᠷᠬᠢᠯᠡᠬᠦ ᠳᠤ ᠨᠡᠩ | ᠳᠥᠭᠦᠮ ᠳᠥᠲᠡ᠂ ᠰᠡᠳᠬᠢᠯ ᠠᠮᠤᠷ ᠪᠣᠯᠭᠠᠨ᠎ᠠ᠃ ᠡᠭᠦᠨ ᠤ ᠬᠠᠮᠲᠤ᠂ ᠯᠢᠶᠠᠩᠴᠧᠩ ᠴᠠᠬᠢᠯᠭᠠᠨ ᠬᠠᠩᠭᠠᠬᠤ | ᠺᠣᠮᠫᠠᠨᠢ ᠶᠢᠨ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠪᠠᠰᠠ ᠲᠠᠷᠢᠶᠠᠴᠢᠨ ᠡᠷᠦᠬᠡ ᠳᠤ ᠬᠠᠪᠤᠷ ᠤᠨ | ᠲᠠᠷᠢᠶᠠᠯᠠᠭ᠎ᠠ ᠶᠢᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠮᠡᠳᠡᠯᠭᠡ ᠶᠢ ᠢᠳᠡᠪᠬᠢᠲᠡᠢ ᠤᠬᠠᠭᠤᠯᠵᠤ᠂ ᠠᠮᠤᠷ | ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠲᠠᠷᠢᠶᠠᠴᠢᠨ ᠡᠷᠦᠬᠡ ᠳᠤ | ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠴᠠᠬᠢᠯᠭᠠᠨ ᠤ ᠦᠨ᠎ᠡ ᠶᠢᠨ ᠠᠰᠠᠭᠤᠳᠠᠯ ᠢ ᠬᠦᠯᠢᠴᠡᠩᠭᠦᠢ ᠪᠠᠷ | ᠬᠠᠷᠢᠭᠤᠯᠵᠤ ᠥᠭᠪᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |