ᠮᠠᠨ ᠤ ᠰᠢᠶᠠᠨ ᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠡᠷᠡᠭᠦᠯ ᠮᠡᠨᠳᠦ ᠳᠤᠮᠳᠠᠳᠤ ᠤᠯᠤᠰ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/20
  ᠣᠶᠢᠷ᠎ᠠ ᠳᠤ᠂ ᠬᠢᠲᠠᠳ ᠡᠮ ᠡᠮᠨᠡᠯᠭᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠦᠪᠡᠳᠡᠭᠰᠢ ᠬᠤᠷᠠᠯ - ︽ᠬᠢᠲᠠᠳ ᠡᠮ ᠤᠨ ᠣᠬᠢ ᠰᠣᠳᠣ ᠶᠢ ᠤᠯᠠᠮᠵᠢᠯᠠᠨ ᠵᠠᠯᠭᠠᠮᠵᠢᠯᠠᠵᠤ᠂ ᠡᠷᠡᠭᠦᠯ ᠡᠩᠬᠡ ᠣᠷᠳᠣ ᠴᠠᠭᠠᠨ ᠬᠡᠷᠡᠮ ᠢ ᠬᠠᠮᠲᠤ ᠪᠠᠷ ᠴᠣᠭᠴᠠᠯᠠᠶ᠎ᠠ - ᠡᠷᠡᠭᠦᠯ ᠡᠩᠬᠡ ᠳᠤᠮᠳᠠᠳᠤ ᠤᠯᠤᠰ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ︾ ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠰᠢᠨ᠎ᠡ ᠵᠠᠭᠤᠴᠢᠯᠠᠭᠤᠷ ᠤᠨ ᠲᠣᠮᠣ ᠠᠰᠠᠷ ᠤᠨ ᠣᠭ ᠰᠠᠨᠠᠭᠠᠨ ᠤ ᠲᠢᠩᠬᠢᠮ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠵᠠᠷ ᠮᠡᠳᠡᠭᠡ ᠶᠢᠨ ᠨᠡᠶᠢᠭᠡᠮᠯᠢᠭ᠂ ᠳᠡᠯᠡᠬᠡᠶ ᠶᠢᠨ ᠬᠢᠲᠠᠳ ᠡᠮ ᠡᠮᠨᠡᠯᠭᠡ ᠶᠢᠨ ᠨᠡᠶᠢᠭᠡᠮᠯᠢᠭ ᠤᠨ ᠬᠤᠯᠪᠣᠭᠠᠲᠤ ᠬᠤᠷᠠᠯ ᠤᠨ ︽ᠨᠢᠭᠡ ᠪᠦᠰᠡ ᠨᠢᠭᠡ ᠵᠠᠮ︾ ᠤᠨ ᠪᠠᠷᠢᠮᠵᠢᠶ᠎ᠠ ᠬᠢᠭᠡᠳ ᠡᠷᠡᠭᠦᠯ ᠮᠡᠨᠳᠦ ᠶᠢᠨ ᠠᠵᠤ ᠦᠢᠯᠡᠰ ᠤᠨ ᠠᠵᠢᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠵᠥᠩ ᠭᠤᠸᠠᠩ ᠷᠦᠩ ᠰᠢᠨ ᠵᠠᠭᠤᠴᠢᠯᠠᠭᠤᠷ ᠤᠨ ᠯᠠᠪᠯᠠᠭ᠎ᠠ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠬᠤᠩ ᠮᠤᠤ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠴᠠᠩ ᠱᠸᠦ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠬᠠᠮᠵᠢᠯᠴᠠᠨ ᠡᠷᠭᠢᠯᠡᠭᠰᠡᠨ ᠪᠥᠭᠡᠳ ᠱᠧᠨᠵᠧᠨ ᠤ ᠰᠣᠶᠣᠯ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠭᠠᠵᠠᠷ ᠤᠨ ᠣᠨᠴᠠᠭᠠᠶ ᠳᠡᠮᠵᠢᠯᠭᠡ ᠶᠢ ᠣᠯᠵᠤ᠂ ᠬᠢᠲᠠᠳ ᠡᠮ ᠡᠮᠨᠡᠯᠭᠡ᠂ ᠡᠷᠡᠭᠦᠯ ᠮᠡᠨᠳᠦ ᠶᠢᠨ ᠠᠵᠤ ᠦᠢᠯᠡᠰ᠂ ᠵᠠᠷ ᠮᠡᠳᠡᠭᠡᠨ ᠤ ᠵᠠᠭᠤᠴᠢᠯᠠᠭᠤᠷ ᠵᠡᠷᠭᠡ ᠬᠦᠷᠢᠶᠡᠨ ᠳᠠᠬᠢ 200 ᠰᠢᠬᠠᠮ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠬᠢᠲᠠᠳ ᠡᠮ ᠡᠮᠨᠡᠯᠭᠡ ᠶᠢᠨ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠰ ᠤᠨ ᠬᠠᠮᠵᠢᠯᠴᠠᠨ ᠬᠥᠭᠵᠢᠬᠦ ᠠᠷᠭ᠎ᠠ ᠵᠠᠮ ᠢ ᠬᠠᠮᠲᠤ ᠪᠠᠷ ᠰᠤᠳᠤᠯᠤᠨ ᠶᠠᠷᠢᠯᠴᠠᠪᠠ᠃ ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ︽ᠬᠢᠲᠠᠳ ᠡᠮ ᠤᠨ ᠣᠬᠢ ᠰᠣᠳᠣ ᠶᠢ ᠵᠠᠯᠭᠠᠮᠵᠢᠯᠠᠵᠤ ᠡᠷᠡᠭᠦᠯ ᠮᠡᠨᠳᠦ ᠶᠢᠨ ᠣᠷᠳᠣ ᠴᠠᠭᠠᠨ ᠬᠡᠷᠡᠮ ᠢ ᠬᠠᠮᠲᠤ ᠪᠠᠷ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ᠂ ᠠᠵᠢᠯ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠨᠡᠶᠢᠭᠡᠮ ᠤᠨ ᠬᠦᠴᠦᠨ ᠢ ᠨᠢᠭᠲᠠᠷᠠᠭᠤᠯᠬᠤ ᠪᠠᠷ ᠳᠠᠮᠵᠢᠭᠤᠯᠤᠨ᠂ ᠬᠢᠲᠠᠳ ᠡᠮ ᠡᠮᠨᠡᠯᠭᠡ ᠶᠢᠨ ᠰᠣᠶᠣᠯ ᠢ ᠲᠦᠭᠡᠮᠡᠯᠵᠢᠭᠦᠯᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠡᠷᠡᠭᠦᠯ ᠮᠡᠨᠳᠦ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠥᠪᠥᠷ ᠮᠣᠩᠭᠤᠯ ᠤᠨ ᠬᠤᠶᠠᠷ ᠡᠮ ᠡᠮᠨᠡᠯᠭᠡ ᠶᠢᠨ ᠠᠵᠤ ᠠᠬᠤᠶᠢᠯᠠᠯ ᠨᠢ ᠬᠠᠪᠰᠤᠷᠤᠨ ᠡᠷᠭᠢᠯᠡᠭᠰᠡᠨ ᠨᠢᠭᠡᠴᠢ ᠪᠣᠯᠤᠭᠰᠠᠨ ᠤ ᠬᠤᠪᠢ ᠳᠤ᠂ ᠨᠠᠰᠢ ᠴᠠᠰᠢ ᠥᠩᠭᠡᠷᠡᠬᠦ ᠨᠡᠶᠢᠲᠡ ᠶᠢᠨ ᠠᠰᠠᠷᠠᠮᠵᠢ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠡᠮᠬᠢᠯᠡᠬᠦ ᠶᠢᠨ ᠬᠠᠮᠲᠤ ᠬᠦᠨᠳᠦ ᠹᠦᠨ ᠢᠶᠠᠷ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠨᠡᠶᠢᠲᠡᠯᠡᠪᠡ᠃    ᠥᠪᠥᠷ ᠮᠣᠩᠭᠤᠯ ᠤᠨ ᠬᠤᠩ ᠮᠤᠤ ᠡᠮ ᠤᠨ ᠦᠢᠯᠡᠰ ᠤᠨ ᠳᠡᠳ᠋ ᠶᠡᠷᠦᠩᠬᠡᠶ ᠵᠠᠬᠢᠷᠤᠯ ᠪᠦᠦ ᠳ᠋ᠦᠩ ᠴᠢ᠂ ︽ᠶᠠᠰᠤᠨ ᠤ ᠡᠷᠡᠭᠦᠯ ᠮᠡᠨᠳᠦ ᠶᠢ ᠬᠠᠯᠠᠮᠵᠢᠯᠠᠬᠤ ᠲᠥᠯᠥᠪᠯᠡᠭᠡ︾ ᠳᠤ ᠲᠦᠰᠢᠭᠯᠡᠨ ᠬᠡᠷᠡᠬᠦ ᠡᠪᠡᠳᠴᠢᠨ ᠤ ᠨᠡᠶᠢᠭᠡᠮ ᠲᠣᠭᠤᠷᠢᠭ ᠤᠨ ᠠᠯᠪᠠᠨ ᠵᠢᠷᠤᠮ ᠤᠨ ᠡᠮᠴᠢᠯᠡᠭᠡ᠂ ᠶᠠᠰᠤᠨ ᠤ ᠡᠪᠡᠳᠴᠢᠲᠡᠳ ᠢ ᠬᠠᠯᠠᠮᠵᠢᠯᠠᠨ ᠬᠠᠶᠢᠷᠠᠯᠠᠬᠤ ᠵᠢᠴᠢ ᠶᠠᠰᠤ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠭᠡᠵᠦ ᠳᠤᠷᠠᠳᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠣᠨ ᠤ ᠨᠡᠶᠢᠲᠡ ᠶᠢᠨ ᠠᠰᠠᠷᠠᠮᠵᠢ ᠶᠢᠨ ᠬᠠᠮᠲᠤᠷᠠᠯᠴᠠᠭᠠᠨ ᠤ ᠬᠠᠨᠢᠲᠠᠨ︾ ᠣᠨᠴᠠᠭᠠᠶᠢᠯᠠᠨ ᠣᠯᠭᠤᠵᠤ᠂ ᠡᠷᠡᠭᠦᠯ ᠮᠡᠨᠳᠦ ᠶᠢᠨ ᠨᠡᠶᠢᠲᠡ ᠶᠢᠨ ᠠᠰᠠᠷᠠᠮᠵᠢ ᠶᠢᠨ ᠬᠦᠷᠢᠶᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠪᠠ ᠨᠢᠭᠡᠴᠡ ᠶᠢ ᠬᠥᠬᠢᠭᠦᠯᠦᠨ ᠰᠠᠶᠢᠰᠢᠶᠠᠭᠰᠠᠨ ᠪᠥᠭᠡᠳ ︽ᠡᠷᠡᠭᠦᠯ ᠡᠩᠬᠡ ᠳᠤᠮᠳᠠᠳᠤ ᠤᠯᠤᠰ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ︾ ᠶᠢᠨ ᠰᠠᠨᠠᠭᠠᠴᠢᠯᠠᠭ᠎ᠠ ᠶᠢ ᠨᠡᠶᠢᠲᠡᠯᠡᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃                                ᠨᠠᠶᠢᠷᠠᠭᠤᠯᠤᠭᠴᠢ᠄   ᠴᠧᠨ ᠰᠢᠶᠤᠤ ᠵᠢᠤᠸᠠᠨ                                ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2