ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠬᠠᠮᠲᠤᠷᠠᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠢᠴᠢ ᠤᠬᠠᠭᠤᠯᠭ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/21
  ᠥᠷᠭᠡᠨ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠳ᠋ᠠᠢ ᠬᠠ ᠠᠭᠤᠳᠠᠮ ᠲᠠᠯᠠᠪᠠᠶ ᠳᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠢᠴᠢ ᠤᠬᠠᠭᠤᠯᠭ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠥᠩᠭᠡᠲᠦ ᠡᠪᠬᠡᠮᠡᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠰᠦᠷᠢᠶ᠎ᠡ ᠡᠪᠡᠳᠴᠢᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠡᠯᠢᠭᠡ ᠪᠥᠭᠡᠷᠡᠨ ᠤ ᠡᠪᠡᠳᠴᠢᠨ᠂ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠵᠡᠷᠭᠡ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠡᠶ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠰᠠᠭᠤᠨ ᠯᠠᠪᠯᠠᠵᠤ ᠡᠮᠨᠡᠬᠦ ᠪᠠᠷ ᠢᠷᠡᠭᠰᠡᠨ ᠣᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭ᠎ᠠ᠂ ᠭᠠᠳᠠᠷ ᠰᠠᠯᠠᠭ᠎ᠠ ᠂ ᠬᠡᠲᠦ ᠳᠠᠭᠤᠨ ᠰᠠᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠵᠢᠴᠢ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠤᠳᠠᠭᠠᠨ ᠴᠢᠨᠠᠷᠲᠠᠶ ᠡᠪᠡᠳᠴᠢᠨ ᠤ ᠰᠠᠯᠠᠭ᠎ᠠ ᠵᠡᠷᠭᠡ ᠰᠠᠯᠠᠭ᠎ᠠ ᠲᠠᠰᠤᠭ ᠤᠨ ᠡᠮᠴᠢ ᠰᠤᠪᠢᠯᠠᠭᠴᠢᠳ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠬᠦᠯᠢᠴᠡᠩᠭᠦᠶ ᠪᠠᠷ ᠨᠠᠷᠢᠨ ᠨᠢᠮᠪᠠᠶ ᠠᠰᠠᠭᠤᠨ ᠣᠨᠣᠰᠢᠯᠠᠵᠤ᠂ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠡᠷᠡᠭᠦᠯ ᠮᠡᠨᠳᠦ ᠶᠢᠨ ᠬᠦᠢᠴᠡᠳᠬᠡᠯ ᠲᠤᠭ᠎ᠠ ᠶᠢ ᠬᠡᠮᠵᠢᠵᠦ᠂ ᠬᠥᠮᠦᠨ ᠨᠢᠭᠡᠪᠦᠷᠢ ᠶᠢᠨ ᠪᠡᠶ᠎ᠡ ᠶᠢᠨ ᠪᠠᠶᠢᠳᠠᠯ ᠢ ᠦᠨᠳᠦᠰᠦᠯᠡᠨ᠂ ᠥᠪᠡᠷᠮᠢᠴᠡ ᠡᠷᠡᠭᠦᠯ ᠮᠡᠨᠳᠦ ᠶᠢᠨ ᠵᠢᠯᠣᠭᠤᠳᠬᠤ ᠲᠥᠰᠦᠯ ᠢ ᠬᠠᠩᠭᠠᠵᠤ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠷᠭ᠎ᠠ ᠵᠠᠮ ᠢ ᠲᠠᠶᠢᠯᠪᠤᠷᠢᠯᠠᠨ ᠥᠭᠴᠦ᠂ ᠣᠯᠠᠨ ᠲᠦᠮᠡᠨ ᠳᠤ ᠴᠢᠬᠤᠯᠠ ᠪᠥᠬᠦᠶ ᠲᠦᠷᠭᠡᠨ ᠠᠪᠤᠷᠠᠯᠳᠠ ᠶᠢᠨ ᠠᠷᠭ᠎ᠠ ᠶᠢ ᠡᠵᠡᠮᠰᠢᠭᠦᠯᠪᠡ᠃ ᠡᠭᠦᠨ ᠤ ᠬᠠᠮᠲᠤ ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯᠲᠠᠳ ᠪᠠᠰᠠ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠬᠠᠤᠯᠢ ᠪᠤᠰᠤ ᠪᠠᠷ ᠡᠮᠴᠢᠯᠡᠭᠡ ᠬᠢᠬᠦ᠂ ᠡᠮᠴᠢᠯᠡᠭᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠳᠤ ᠴᠣᠬᠢᠯᠲᠠ ᠥᠭᠬᠦ ᠵᠡᠷᠭᠡ ᠮᠡᠳᠡᠯᠭᠡ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠥᠷᠭᠡᠨ ᠣᠯᠠᠨ ᠲᠦᠮᠡᠨ ᠢ ᠬᠠᠪᠰᠤᠷᠤᠨ ᠬᠠᠤᠯᠢ ᠪᠠᠷ ᠵᠠᠰᠠᠬᠤ ᠤᠬᠠᠮᠰᠠᠷ ᠪᠠ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ᠂ ᠨᠡᠶᠢᠲᠡ 300 ᠭᠠᠷᠤᠶ ᠬᠥᠮᠦᠨ ᠤᠳᠠᠭ᠎ᠠ ᠣᠯᠠᠨ ᠲᠦᠮᠡᠨ ᠳᠤ ᠦᠢᠯᠡᠴᠢᠯᠡᠵᠦ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠤᠯᠪᠠ᠃
 
ᠳᠠᠷᠠᠭᠠᠴᠢ ᠶᠢᠨ ᠠᠯᠬᠤᠮ ᠳᠤ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠡᠷᠡᠭᠦᠯ ᠮᠡᠨᠳᠤ ᠶᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2