ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
   3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠥᠭᠦᠯᠡᠯᠲᠡ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ᠱᠠᠰᠢᠨ ᠰᠤᠷᠲᠠᠬᠤᠨ ᠤ ᠤᠨᠤᠯ ᠪᠣᠯᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ᠂ ︽ᠬᠤᠶᠠᠷ ᠥᠴᠦᠬᠡᠨ ᠴᠦ ᠭᠤᠶᠢᠪᠢᠰᠢ ᠦᠭᠡᠢ︾ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠡᠵᠡᠮᠳᠡᠵᠦ᠂ ᠰᠢᠶᠠᠨ ᠤ ᠬᠡᠪᠴᠢᠶᠡᠨ ᠤ ᠪᠣᠳᠠᠲᠠᠢ ᠳᠤ ᠰᠠᠭᠤᠷᠢᠯᠠᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠢᠮᠠᠭᠲᠠ ᠪᠦᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠣᠷᠳᠣ ᠬᠤᠭᠤᠴᠠᠭ᠎ᠠ ᠪᠠᠷ ᠪᠠᠲᠤ ᠰᠠᠬᠢᠬᠤ ᠬᠠᠲᠠᠭᠤ ᠶᠣᠰᠣ ᠲᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠰᠤᠷᠤᠯᠴᠠᠯᠭ᠎ᠠ ᠬᠥᠮᠦᠵᠢᠯ ᠢ ᠴᠢᠩᠭ᠎ᠠ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠦᠵᠡᠯ ᠰᠠᠨᠠᠭᠠᠨ ᠤ ᠵᠢᠯᠣᠭᠤᠳᠤᠮᠵᠢ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠵᠦ᠂ ᠦᠨᠳᠦᠰᠦᠲᠡᠨ ᠡᠶ᠎ᠡ ᠨᠠᠶᠢᠷᠠᠮᠳᠠᠭᠤ᠂ ᠱᠠᠰᠢᠨ ᠰᠤᠷᠲᠠᠬᠤᠨ ᠡᠶ᠎ᠡ ᠵᠣᠬᠢᠴᠠᠩᠭᠤᠢ᠂ ᠨᠡᠶᠢᠭᠡᠮ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠪᠣᠳᠠᠲᠠᠢ ᠴᠢᠩᠭ᠎ᠠ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2