ᠡᠨᠡ ᠵᠢᠯ ᠤᠨ 3 ᠰᠠᠷ᠎ᠠ ᠶᠢᠨ 22 ᠤᠨ ᠡᠳᠦᠷ ᠪᠣᠯ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ | ᠤᠰᠤᠨ ᠤ ᠡᠳᠦᠷ︾ ᠪᠣᠯᠤᠨ᠎ᠠ᠂ 3 ᠰᠠᠷ᠎ᠠ ᠶᠢᠨ 22 - 28 ᠤ ᠡᠳᠦᠷ ᠪᠣᠯ ᠭᠤᠴᠢᠨ ᠨᠠᠢᠮᠠᠳᠤᠭᠠᠷ ᠬᠤᠭᠤᠴᠠᠭᠠᠨ ᠤ ︽ | ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠤᠨ᠎ᠠ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠳᠥᠯᠭᠢᠨ | ᠠᠬᠢᠭᠤᠯᠵᠤ᠂ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ | 21 ᠤ ᠡᠳᠦᠷ ᠠᠴᠠ 22 ᠤᠨ ᠡᠳᠦᠷ ᠪᠣᠯᠲᠠᠯ᠎ᠠ᠂ ᠯᠢᠶᠠᠩᠴᠧᠩ ᠰᠢᠶᠠᠨ ᠭᠤᠴᠢᠨ ᠭᠤᠷᠪᠠᠳᠤᠭᠠᠷ ᠬᠤᠭᠤᠴᠠᠭᠠᠨ ᠤ ︽ | ᠳᠡᠯᠡᠬᠡᠶ ᠶᠢᠨ ᠤᠰᠤᠨ ᠤ ᠡᠳᠦᠷ︾ ᠤᠨ ᠭᠤᠴᠢᠨ ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ | ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | | | | | | | | | | | | | | | | | | | | | | | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠤᠰᠤᠨ ᠠᠰᠢᠭᠯᠠᠯᠲᠠ ᠶᠢᠨ ᠲᠣᠪᠴᠢᠶ᠎ᠠ ᠪᠠᠰᠠ ᠨᠡᠶᠢᠭᠡᠮ | ᠲᠣᠭᠤᠷᠢᠭ᠂ ᠠᠵᠤ ᠠᠬᠤᠶᠢᠯᠠᠯ᠂ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠬᠤᠲᠠ ᠶᠢᠨ ᠠᠷᠠᠳ ᠤᠨ ᠤᠤᠭᠤᠬᠤ | ᠤᠰᠤᠨ ᠤ ᠠᠮᠤᠷ ᠲᠦᠪᠰᠢᠨ ᠪᠠ ᠤᠰᠤ ᠠᠷᠪᠢᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠶᠢ | ᠨᠠᠨᠳᠢᠩᠨᠠᠬᠤ᠂ ᠤᠰᠤ ᠶᠢ ᠬᠠᠶᠢᠷᠠᠯᠠᠬᠤ᠂ ᠤᠰᠤ ᠠᠷᠪᠢᠯᠠᠬᠤ᠂ ᠤᠰᠤ ᠶᠢ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠤᠰᠤ | ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |