ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 9 ᠳ᠋ᠤᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
   3 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 9 ᠳ᠋ᠤᠭᠡᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠣᠯᠣᠳᠤᠭᠠᠷ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠳᠤᠭᠠᠷ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠲᠤᠬᠠᠢ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠡᠷᠭᠡ ᠶᠢ ᠬᠢᠨᠠᠨ ᠵᠥᠪᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ᠲᠠᠪᠤ ᠶᠢ ᠬᠦᠴᠦᠷᠬᠡᠭ ᠰᠢᠶᠠᠨ ᠢ ᠪᠦᠳᠦᠭᠡᠨ ᠪᠠᠶᠢᠭᠤᠯᠬᠤ︾ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠪᠡᠶ᠎ᠡ ᠲᠠᠮᠢᠷ ᠡᠷᠡᠭᠦᠯ ᠮᠡᠨᠳᠦ ᠵᠡᠷᠭᠡ ᠤᠨᠴᠠᠯᠢᠬᠳᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠢ ᠲᠤᠬᠢᠷᠠᠭᠤᠯᠤᠯᠳᠠ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠨᠠᠰᠤᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠵᠡᠷᠭᠡ ᠪᠣᠳᠠᠲᠠᠢ ᠠᠵᠢᠯ ᠠᠴᠠ ᠭᠠᠷᠳᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠪᠠ ᠪᠠᠲᠤᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠦᠨ ᠡᠯ᠎ᠡ ᠬᠦᠷᠢᠶᠡᠨ ᠤ ᠨᠢᠭᠡᠳᠦᠮᠡᠯ ᠹᠷᠣᠨᠲ ᠤᠨ ᠠᠵᠢᠯ ᠢ ᠠᠬᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃                                   ᠨᠠᠶᠢᠷᠠᠭᠤᠯᠤᠭᠴᠢ᠄   ᠴᠧᠨ ᠰᠢᠶᠤᠤ ᠵᠢᠤᠸᠠᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2