︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤ ᠶᠢ ᠢᠳᠡᠭ ᠢᠳᠡᠭ ᠢᠶᠠᠷ ᠬᠤᠶᠢᠰᠢᠯᠠᠭᠤᠯᠬᠤ | ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ | ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ 1 ᠳ᠋ᠦ᠋ᠭᠡᠷ ᠰᠠᠷ᠎ᠠ ᠶᠢᠨ 1 ᠤ ᠡᠳᠦᠷ ︽ᠠᠵᠢᠯ ᠠᠴᠠ ᠪᠠᠨ ᠪᠠᠭᠤᠬᠤ | ᠬᠠᠷᠢᠮᠠᠬᠠᠶ ᠴᠢᠨᠠᠷᠲᠠᠶ ᠳᠦᠷᠢᠮ ᠢ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ ᠠᠵᠢᠯ ᠠᠴᠠ ᠪᠠᠨ ᠪᠠᠭᠤᠬᠤ | ᠳᠦᠷᠢᠮ ᠢ ᠬᠡᠷᠡᠭᠵᠢᠭᠦᠯᠬᠦ ᠳᠡᠰ ᠳᠠᠷᠠᠭᠠᠯᠠᠯ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠠᠪᠬᠤ ᠵᠡᠷᠭᠡ | ᠠᠭᠤᠯᠭ᠎ᠠ ᠶᠢ ᠲᠣᠳᠣᠷᠬᠠᠶᠢᠯᠠᠵᠠᠶ᠃ | ᠲᠣᠭᠲᠠᠭᠠᠯ ᠢ ᠦᠨᠳᠦᠰᠦᠯᠡᠪᠡᠯ᠂ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ | ᠤᠯᠤᠰ 15 ᠵᠢᠯ ᠤᠨ ᠴᠠᠭ ᠢ ᠬᠡᠷᠡᠭᠯᠡᠵᠦ᠂ ᠡᠷᠡᠭᠲᠡᠶ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ 60 ᠨᠠᠰᠤ ᠪᠠᠶᠢᠭᠰᠠᠨ ᠠᠴᠠ ᠪᠠᠨ 63 ᠪᠦᠬᠦᠯᠢ ᠨᠠᠰᠤ ᠪᠣᠯᠲᠠᠯ᠎ᠠ | ᠠᠯᠬᠤᠮ ᠠᠯᠬᠤᠮ ᠢᠶᠠᠷ ᠤᠷᠲᠤᠳᠬᠠᠵᠤ᠂ ᠡᠮᠡᠭᠲᠡᠶ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ 50 ᠨᠠᠰᠤ᠂ 55 ᠨᠠᠰᠤ ᠪᠠᠶᠢᠭᠰᠠᠨ ᠠᠴᠠ ᠲᠣᠰ ᠲᠣᠰ 55 | ᠨᠠᠰᠤ ᠪᠠ 58 ᠨᠠᠰᠤ ᠪᠣᠯᠲᠠᠯ᠎ᠠ ᠬᠤᠶᠢᠰᠢᠯᠠᠭᠤᠯᠤᠨ᠎ᠠ᠃ | ︽ᠬᠠᠷᠢᠮᠠᠬᠠᠶ ᠴᠢᠨᠠᠷᠲᠠᠶ ᠠᠵᠢᠯ ᠠᠴᠠ ᠪᠠᠨ ᠪᠠᠭᠤᠵᠤ ᠠᠮᠠᠷᠠᠬᠤ ᠲᠦᠷᠢᠮ ᠢ ᠬᠡᠷᠡᠭᠵᠢᠭᠦᠯᠬᠦ ᠲᠦᠷ ᠬᠡᠷᠡᠭᠵᠢᠭᠦᠯᠬᠦ | ᠠᠷᠭ᠎ᠠ︾ ᠶᠢ ᠳᠤᠷᠠᠳᠤᠭᠰᠠᠨ ᠨᠢ᠂ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ | ᠠᠵᠢᠯᠲᠠᠨ ᠠᠵᠢᠯᠴᠢᠨ ᠤᠯᠤᠰ ᠠᠴᠠ ᠲᠣᠭᠲᠠᠭᠠᠭᠰᠠᠨ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠠᠪᠬᠤ ᠬᠠᠮᠤᠭ ᠤᠨ ᠳᠣᠤᠷ᠎ᠠ ᠵᠢᠯ ᠤᠨ ᠬᠤᠭᠤᠴᠠᠭ᠎ᠠ ᠳᠤ ᠬᠦᠷᠴᠦ᠂ ᠰᠠᠶᠢᠨ ᠳᠤᠷ᠎ᠠ ᠠᠴᠠ ᠪᠠᠨ ᠬᠠᠷᠢᠮᠠᠬᠠᠶ | ᠴᠢᠨᠠᠷ ᠢ ᠰᠣᠩᠭᠤᠵᠤ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠵᠤ ᠪᠣᠯᠤᠨ᠎ᠠ᠂ ᠤᠷᠢᠳᠴᠢᠯᠠᠨ ᠴᠠᠭ | ᠬᠤᠭᠤᠴᠠᠭ᠎ᠠ ᠨᠢ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠠᠴᠠ ᠬᠠᠮᠤᠭ ᠤᠨ | ᠤᠷᠲᠤ ᠳᠠᠭᠠᠨ 3 ᠵᠢᠯ ᠠᠴᠠ ᠬᠡᠲᠦᠷᠡᠵᠦ ᠪᠣᠯᠬᠤ ᠪᠥᠭᠡᠳ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠨᠢ ᠡᠮᠡᠭᠲᠡᠶ | ᠠᠵᠢᠯᠲᠠᠨ ᠠᠵᠢᠯᠴᠢᠨ ᠤ 50 ᠨᠠᠰᠤ᠂ 55 ᠪᠦᠬᠦᠯᠢ ᠨᠠᠰᠤ ᠵᠢᠴᠢ ᠡᠷᠡᠭᠲᠡᠶ ᠠᠵᠢᠯᠲᠠᠨ ᠠᠵᠢᠯᠴᠢᠨ ᠤ ᠪᠦᠬᠦᠯᠢ 60 | ᠨᠠᠰᠤᠨ ᠤ ᠤᠤᠯ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠴᠦ | ᠪᠣᠯᠬᠤ ᠥᠬᠡᠶ᠃ | ᠠᠵᠢᠯᠲᠠᠨ ᠠᠵᠢᠯᠴᠢᠨ ᠰᠠᠶᠢᠨ ᠳᠤᠷ᠎ᠠ ᠠᠴᠠ ᠪᠠᠨ ᠬᠠᠷᠢᠮᠠᠬᠠᠶ ᠴᠢᠨᠠᠷ ᠠᠴᠠ ᠪᠣᠯᠵᠤ ᠠᠵᠢᠯ ᠠᠴᠠ ᠪᠠᠨ | ᠤᠷᠢᠳᠴᠢᠯᠠᠨ ᠠᠵᠢᠯ ᠠᠴᠠ ᠪᠠᠨ ᠪᠠᠭᠤᠭᠰᠠᠨ ᠪᠣᠯ ᠠᠳᠠᠭ ᠲᠠᠭᠠᠨ ᠲᠤᠰ ᠬᠥᠮᠦᠨ ᠤ ᠰᠣᠩᠭᠤᠭᠰᠠᠨ | ᠠᠵᠢᠯ ᠠᠴᠠ ᠪᠠᠨ ᠠᠮᠠᠷᠠᠬᠤ ᠴᠠᠭ ᠠᠴᠠ ᠡᠮᠦᠨ᠎ᠡ 3 ᠰᠠᠷ᠎ᠠ ᠪᠣᠯ ᠪᠢᠴᠢᠭᠯᠡᠭᠰᠡᠨ ᠬᠡᠯᠪᠡᠷᠢ ᠪᠠᠷ ᠠᠵᠢᠯᠯᠠᠵᠤ ᠪᠠᠶᠢᠭ᠎ᠠ | ᠨᠢᠭᠡᠴᠡ ᠳᠡᠭᠡᠨ ᠮᠡᠳᠡᠭᠳᠡᠬᠦ ᠬᠡᠷᠡᠭᠲᠡᠶ᠃ | ᠠᠵᠢᠯᠲᠠᠨ ᠠᠵᠢᠯᠴᠢᠨ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠦᠭᠰᠡᠨ | ᠦᠶ᠎ᠡ ᠳᠤ᠂ ᠪᠠᠶᠢᠭ᠎ᠠ ᠨᠢᠭᠡᠴᠡ ᠨᠢ ᠠᠵᠢᠯᠲᠠᠨ ᠠᠵᠢᠯᠴᠢᠨ ᠯᠤᠭ᠎ᠠ ᠨᠢ ᠵᠥᠪᠳᠡᠯᠴᠡᠭᠡᠳ ᠰᠠᠨᠠᠯ ᠨᠢᠭᠡᠳᠦᠭᠰᠡᠨ ᠪᠣᠯ | ᠠᠵᠢᠯ ᠠᠴᠠ ᠪᠠᠨ ᠪᠠᠭᠤᠵᠤ ᠠᠮᠠᠷᠠᠬᠤ ᠬᠤᠭᠤᠴᠠᠭ᠎ᠠ ᠶᠢ ᠤᠶᠠᠨ ᠬᠠᠲᠠᠨ ᠴᠢᠨᠠᠷᠲᠠᠶ ᠤᠷᠲᠤᠳᠬᠠᠵᠤ ᠪᠣᠯᠤᠨ᠎ᠠ᠂ | ᠤᠷᠲᠤᠳᠬᠠᠬᠤ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠠᠴᠠ ᠬᠠᠮᠤᠭ ᠤᠨ | ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠶ᠂ ᠪᠠᠶᠢᠭ᠎ᠠ ᠨᠢᠭᠡᠴᠡ ᠬᠢᠭᠡᠳ ᠠᠵᠢᠯᠲᠠᠨ ᠠᠵᠢᠯᠴᠢᠨ ᠨᠢ | 1 ᠰᠠᠷ᠎ᠠ ᠤᠷᠢᠳᠴᠢᠯᠠᠭᠤᠯᠵᠤ᠂ ᠠᠵᠢᠯ ᠠᠴᠠ ᠪᠠᠨ ᠪᠠᠭᠤᠵᠤ ᠠᠮᠠᠷᠠᠬᠤ ᠴᠠᠭ ᠢ ᠤᠷᠲᠤᠳᠬᠠᠬᠤ ᠵᠡᠷᠭᠡ ᠵᠦᠢᠯ ᠤᠳ ᠢ | ᠪᠢᠴᠢᠭ ᠤᠨ ᠬᠡᠯᠪᠡᠷᠢ ᠪᠠᠷ ᠲᠣᠳᠣᠷᠬᠠᠶᠢᠯᠠᠬᠤ ᠬᠡᠷᠡᠭᠲᠡᠶ᠃ | ᠠᠵᠢᠯ ᠠᠴᠠ ᠪᠠᠨ ᠪᠠᠭᠤᠵᠤ ᠠᠮᠠᠷᠠᠬᠤ ᠬᠤᠭᠤᠴᠠᠭ᠎ᠠ ᠶᠢ ᠬᠠᠷᠢᠮᠠᠬᠠᠶ ᠴᠢᠨᠠᠷᠲᠠᠶ ᠤᠷᠲᠤᠳᠬᠠᠬᠤ | ᠬᠤᠭᠤᠴᠠᠭᠠᠨ ᠳᠤ᠂ ᠪᠠᠶᠢᠭ᠎ᠠ ᠨᠢᠭᠡᠴᠡ ᠨᠢ ᠠᠵᠢᠯᠲᠠᠨ ᠠᠵᠢᠯᠴᠢᠨ ᠲᠠᠢ ᠪᠠᠨ ᠵᠥᠪᠳᠡᠯᠴᠡᠭᠡᠳ ᠰᠠᠨᠠᠯ ᠨᠢᠭᠡᠲᠡᠶ ᠪᠠᠶᠢᠵᠤ | ᠂ ᠠᠵᠢᠯ ᠠᠴᠠ ᠪᠠᠨ ᠠᠮᠠᠷᠠᠬᠤ ᠪᠠᠨ ᠬᠠᠷᠢᠮᠠᠬᠠᠶ ᠴᠢᠨᠠᠷᠲᠠᠶ ᠬᠤᠶᠢᠰᠢᠯᠠᠭᠤᠯᠵᠤ ᠪᠣᠯᠬᠤ ᠪᠥᠭᠡᠳ ᠠᠵᠢᠯ ᠠᠴᠠ ᠪᠠᠨ | ᠪᠠᠭᠤᠵᠤ ᠠᠮᠠᠷᠠᠬᠤ ᠭᠠᠷᠳᠠᠮ ᠢ ᠲᠣᠭᠲᠠᠭᠠᠯ ᠶᠣᠰᠣᠭᠠᠷ ᠭᠦᠢᠴᠡᠳᠬᠡᠵᠦ ᠪᠣᠯᠤᠨ᠎ᠠ᠃ | ᠣᠶᠢᠯᠠᠭᠠᠭᠰᠠᠨ ᠢᠶᠠᠷ᠂ ᠨᠡᠶᠢᠲᠡᠯᠡᠭᠰᠡᠨ ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ | ᠠᠵᠢᠯ ᠣᠯᠭᠤᠯᠲᠠ ᠶᠢ ᠠᠬᠢᠭᠤᠯᠬᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠪᠦᠷᠢᠨᠰᠢᠬᠦᠯᠬᠦ᠂ ᠨᠠᠰᠤ ᠠᠬᠠᠰᠢᠷᠠᠭᠰᠠᠨ ᠠᠵᠢᠯ ᠠᠯᠳᠠᠭᠰᠠᠳ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠠᠯᠢ ᠣᠯᠠᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠨᠠᠰᠤ ᠲᠠᠢ ᠬᠤᠯᠪᠣᠭᠳᠠᠬᠤ | ᠡᠷᠬᠢᠯᠡᠭᠰᠡᠨ ᠠᠵᠢᠯ ᠤᠨ ᠬᠢᠷᠢ ᠬᠡᠮ᠂ ᠭᠡᠷᠡᠴᠢ ᠦᠨᠡᠮᠯᠡᠯ ᠵᠡᠷᠭᠡ ᠵᠦᠢᠯᠡᠰ ᠢ ᠰᠤᠳᠤᠯᠤᠨ ᠲᠣᠬᠢᠷᠠᠭᠤᠯᠵᠤ᠂ | ᠠᠵᠢᠯ ᠠᠴᠠ ᠪᠠᠨ ᠪᠠᠭᠤᠵᠤ ᠠᠮᠠᠷᠠᠬᠤ ᠥᠭᠡᠷᠡᠴᠢᠯᠡᠯᠲᠡ ᠶᠢ ᠬᠤᠶᠢᠰᠢᠯᠠᠭᠤᠯᠬᠤ ᠡᠯ᠎ᠡ ᠵᠦᠢᠯ ᠤᠨ ᠪᠡᠯᠡᠳᠬᠡᠯ ᠠᠵᠢᠯ ᠢ | ᠰᠠᠶᠢᠲᠤᠷ ᠬᠢᠬᠦ ᠪᠠᠷ ᠲᠣᠭᠲᠠᠪᠠ᠃ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠰᠠᠯᠠᠭ᠎ᠠ ᠮᠥᠴᠢᠷ | ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠲᠣᠭᠲᠠᠭᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠠᠷᠢᠮᠠᠬᠠᠶ ᠴᠢᠨᠠᠷᠲᠠᠶ ᠲᠦᠷᠢᠮ ᠢ ᠰᠠᠶᠢᠲᠤᠷ | ᠬᠡᠷᠡᠭᠵᠢᠭᠦᠯᠵᠦ᠂ ᠰᠠᠶᠢᠨ ᠳᠤᠷ᠎ᠠ ᠶᠢᠨ᠂ ᠬᠠᠷᠢᠮᠠᠬᠠᠶ ᠴᠢᠨᠠᠷᠲᠠᠶ ᠵᠠᠷᠴᠢᠮ ᠢ ᠭᠦᠢᠴᠡᠳ ᠢᠯᠡᠷᠡᠭᠦᠯᠵᠦ᠂ ᠠᠵᠢᠯᠲᠠᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠨᠡᠭᠡᠭᠡᠨ ᠠᠰᠢᠭᠯᠠᠯᠲᠠ ᠶᠢ ᠠᠬᠢᠭᠤᠯᠤᠨ᠎ᠠ ᠭᠡᠵᠡᠶ᠃ |