ᠳᠠᠭ᠎ᠠ ᠶᠢᠨ ᠨᠠᠭᠤᠷ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ᠄ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠵᠦ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2025/3/28
   ᠣᠶᠢᠷ᠎ᠠ ᠶᠢᠨ ᠵᠢᠯ ᠠᠴᠠ᠂ ᠳᠠᠭ᠎ᠠ ᠶᠢᠨ ᠨᠠᠭᠤᠷ ᠪᠠᠯᠭᠠᠰᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯᠤᠨ ᠪᠣᠳᠠᠲᠤ ᠴᠣᠭᠴᠠᠵᠢᠭᠤᠯᠤᠨ ᠠᠵᠢᠯᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠦᠯᠭᠡᠵᠢᠭᠦᠯᠬᠦ ᠶᠢᠨ ᠳᠠᠭᠠᠤ ᠳ᠋ᠦᠩᠨᠡᠵᠦ᠂ ᠨᠢᠭᠡ ᠲᠠᠯ᠎ᠠ ᠪᠠᠷ ᠳᠡᠭᠡᠭᠰᠢᠯᠡᠭᠦᠯᠬᠦ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠲᠥᠪ ᠠᠴᠠ ᠵᠣᠬᠢᠴᠠᠭᠤᠯᠬᠤ᠂ ᠨᠠᠮ ᠤᠨ ᠡᠭᠦᠷ ᠪᠣᠭᠤᠮᠲᠠ ᠰᠢᠪᠲᠤᠯᠬᠤ᠂ ᠨᠠᠮ ᠤᠨ ᠭᠡᠰᠢᠭᠦᠨ ᠳᠣᠷᠣᠭᠰᠢ ᠪᠠᠭᠤᠬᠤ᠂ ᠡᠷᠦᠬᠡ ᠶᠢᠨ ᠳᠠᠷᠤᠭ᠎ᠠ ᠱᠦᠭᠯᠦ ᠦᠯᠢᠶᠡᠬᠦ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠪᠠ᠃    ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠳᠠᠭ᠎ᠠ ᠶᠢᠨ ᠨᠠᠭᠤᠷ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠲᠦᠷᠦᠭᠦᠯᠡᠭᠦᠯᠦᠨ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠲᠠᠷᠢᠶᠠᠯᠠᠩ ᠤᠨ ᠠᠵᠢᠯ ᠤᠨ ᠪᠠᠶᠢᠷᠢ ᠲᠠᠢ ᠬᠤᠯᠪᠣᠭᠠᠯᠠᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ︽ᠡᠷᠲᠡ ᠪᠠᠶᠢᠴᠠᠭᠠᠨ ᠵᠢᠭᠰᠠᠭᠠᠬᠤ᠂ ᠡᠷᠲᠡ ᠣᠷᠣᠯᠴᠠᠬᠤ᠂ ᠡᠷᠲᠡ ᠠᠷᠢᠯᠭᠠᠬᠤ︾ ᠭᠤᠷᠪᠠᠨ ᠠᠯᠬᠤᠮ ᠤᠨ ᠠᠵᠢᠯ ᠤᠨ ᠠᠷᠭ᠎ᠠ ᠶᠣᠰᠣᠭᠠᠷ᠂ ᠪᠥᠬᠦ ᠪᠠᠯᠭᠠᠰᠤᠨ ᠤ 9 ᠲᠣᠰᠬᠤᠨ ᠤ ᠶᠡᠷᠦᠩᠬᠡᠶᠢᠯᠡᠨ ᠵᠠᠰᠠᠬᠤ ᠲᠠᠰᠤᠭ ᠤᠨ 109 ᠡᠷᠦᠬᠡ ᠬᠤᠯᠪᠣᠭᠠᠯᠠᠭᠰᠠᠨ ᠳᠠᠷᠤᠭ᠎ᠠ ᠪᠠ ᠰᠦᠯᠵᠢᠶᠡᠨ ᠤ ᠠᠵᠢᠯᠲᠠᠨ ︽ᠬᠠᠪᠤᠷ ᠤᠨ ᠲᠠᠷᠢᠶᠠᠯᠠᠭ᠎ᠠ ᠶᠢᠨ ᠠᠶᠠᠯᠠᠯ ᠤᠨ ᠬᠠᠮᠠᠭᠠᠯᠠᠭᠴᠢ︾ ᠪᠣᠯᠵᠤ᠂ ᠲᠠᠷᠢᠶᠠᠨ ᠭᠠᠵᠠᠷ ᠲᠤ ᠭᠦᠨᠵᠡᠭᠡᠶᠢᠷᠡᠨ ︽ᠲᠣᠤᠷ ᠲᠠᠲᠠᠬᠤ ᠮᠠᠶ᠋ᠢᠭ︾ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠠᠬᠠᠮᠠᠳ ᠨᠠᠮ ᠤᠨ ᠭᠡᠰᠢᠭᠦᠨ᠂ ᠠᠬᠠᠮᠠᠳ ᠪᠠᠭᠰᠢ᠂ ᠨᠤᠲᠤᠭ ᠤᠨ ᠰᠢᠶᠠᠨ ᠵᠡᠷᠭᠡ ᠡᠶᠡᠳᠡᠭᠦᠯᠦᠭᠴᠢ ᠶᠢ ᠳᠠᠶᠢᠴᠢᠯᠠᠵᠤ᠂ ᠤᠷᠢᠳᠴᠢᠯᠠᠨ ᠣᠷᠣᠯᠴᠠᠵᠤ ᠨᠠᠮᠳᠠᠭᠤᠯᠤᠨ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠩᠭᠡᠭᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠪᠠ᠃ ᠳᠠᠭ᠎ᠠ ᠶᠢᠨ ᠨᠠᠭᠤᠷ ᠪᠠᠯᠭᠠᠰᠤᠨ ᠤ ᠰᠢ ᠶᠢᠩᠽᠢ ᠵᠢᠦ ᠼᠠᠢ ᠭᠸᠦ ᠲᠣᠰᠬᠤᠨ ᠳᠤ ᠰᠠᠭᠤᠵᠤ ᠪᠠᠶᠢᠭ᠎ᠠ ᠸᠠᠩ ᠷᠦᠩ ᠽᠢ ᠣᠶᠢᠷ᠎ᠠ ᠳᠤ ᠭᠠᠵᠠᠷ ᠰᠢᠷᠣᠶ ᠳᠠᠷᠢᠬᠤ ᠠᠰᠠᠭᠤᠳᠠᠯ ᠠᠴᠠ ᠪᠣᠯᠵᠣ ᠬᠥᠷᠰᠢ ᠰᠠᠭᠠᠬᠠᠯᠲᠠ ᠲᠠᠢ ᠪᠠᠨ ᠵᠥᠷᠢᠴᠡᠯ ᠡᠭᠦᠰᠴᠦ᠂ ᠠᠰᠠᠭᠤᠳᠠᠯ ᠤᠳᠠᠲᠠᠯ᠎ᠠ ᠰᠢᠢᠳᠪᠦᠷᠢᠯᠡᠭᠳᠡᠵᠦ ᠴᠢᠳᠠᠭᠰᠠᠨ ᠥᠬᠡᠶ᠃ ᠡᠨᠡ ᠬᠦ ᠬᠡᠷᠡᠭ ᠤᠨ ᠳᠠᠷᠠᠭ᠎ᠠ ᠳᠠᠭ᠎ᠠ ᠶᠢᠨ ᠨᠠᠭᠤᠷ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠬᠠᠤᠯᠢ ᠴᠠᠭᠠᠵᠠ ᠶᠢᠨ ᠰᠠᠯᠪᠤᠷᠢ᠂ ᠲᠣᠮᠢᠯᠠᠭᠰᠠᠨ ᠰᠠᠯᠪᠤᠷᠢ ᠵᠡᠷᠭᠡ ᠬᠠᠮᠢᠶ᠎ᠠ ᠪᠦᠬᠦᠢ ᠬᠥᠮᠦᠰ ᠢ ᠣᠯᠠᠨ ᠤᠳᠠᠭ᠎ᠠ ᠡᠶᠡᠳᠡᠭᠦᠯᠬᠦ ᠪᠠᠷ ᠳᠠᠮᠵᠢᠨ᠂ ᠡᠴᠦᠰ ᠲᠡᠭᠡᠨ ᠵᠥᠷᠢᠴᠡᠯ ᠢ ᠠᠮᠵᠢᠯᠲᠠ ᠲᠠᠢ ᠨᠠᠮᠳᠠᠭᠤᠯᠵᠠᠢ᠃ ᠲᠣᠰᠬᠤᠨ ᠤ ᠠᠷᠠᠳ ᠸᠠᠩ ᠷᠦᠩ ᠽᠢ ᠬᠡᠯᠡᠭᠰᠡᠨ ᠨᠢ᠄ ︽ᠪᠢ ᠲᠣᠰᠬᠤᠨ ᠤ ᠬᠥᠮᠦᠰ ᠲᠠᠢ ᠪᠠᠭ᠎ᠠ ᠵᠥᠷᠢᠴᠡᠯ ᠲᠠᠢ ᠪᠣᠯᠵᠠᠢ᠂ ᠤᠴᠢᠷ ᠨᠢ ᠭᠠᠵᠠᠷ ᠲᠣᠣᠭᠠᠷᠪᠠ᠂ ᠶᠡᠭᠡ ᠠᠩᠭᠢ ᠶᠢᠨ ᠺᠠᠳ᠋ᠷ ᠬᠤᠶᠠᠷ ᠭᠤᠷᠪᠠ ᠤᠳᠠᠭ᠎ᠠ ᠡᠶᠡᠳᠡᠭᠦᠯᠬᠦ ᠪᠠᠷ ᠢᠷᠡᠵᠦ᠂ ᠪᠠᠰᠠ ᠪᠠᠯᠭᠠᠰᠤᠨ ᠤ᠂ ᠬᠠᠤᠯᠢ ᠴᠠᠭᠠᠵᠠ᠂ ᠲᠣᠮᠢᠯᠠᠭᠰᠠᠨ ᠰᠠᠯᠪᠤᠷᠢ ᠴᠤ ᠡᠶᠡᠳᠡᠭᠦᠯᠵᠦ᠂ ᠰᠠᠶᠢᠲᠤᠷ ᠡᠶᠡᠳᠡᠭᠦᠯᠵᠡᠶ᠃ ᠪᠢ ᠲᠡᠳᠡᠨ ᠳᠤ ᠮᠠᠰᠢ ᠲᠠᠯᠠᠷᠬᠠᠵᠤ ᠪᠠᠶᠢᠨ᠎ᠠ︾ ᠭᠡᠪᠡ᠃     ᠶᠡᠷᠦᠩᠬᠡᠶᠢᠯᠡᠨ ᠵᠠᠰᠠᠬᠤ ᠲᠥᠪ ᠤᠨ ᠪᠦᠬᠦ ᠨᠡᠷᠡᠶᠢᠳᠦᠯ ᠨᠢ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠪᠠᠶᠢᠵᠤ᠂ ᠶᠡᠷᠦᠩᠬᠡᠶᠢᠯᠡᠨ ᠵᠠᠰᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠬᠠᠤᠯᠢ ᠶᠣᠰᠣᠭᠠᠷ ᠵᠠᠰᠠᠬᠤ ᠶᠢ ᠨᠢᠭᠡ ᠴᠣᠭᠴᠠᠵᠢᠭᠤᠯᠤᠭᠰᠠᠨ ︽ᠨᠢᠭᠡ ᠥᠷᠲᠡᠭᠡᠨ ᠤ ᠮᠠᠶ᠋ᠢᠭ︾ ᠤᠨ ᠵᠥᠷᠢᠴᠡᠯ ᠢ ᠠᠷᠢᠯᠭᠠᠬᠤ ᠪᠠ ᠠᠷᠠᠳ ᠲᠦᠮᠡᠨ ᠳᠤ ᠦᠢᠯᠡᠴᠢᠯᠡᠬᠦ ᠲᠠᠪᠴᠠᠩ ᠪᠠᠶᠢᠵᠤ᠂ ᠣᠯᠠᠨ ᠲᠦᠮᠡᠨ ᠢᠶᠠᠷ ᠬᠦᠴᠢᠷ ᠶᠠᠪᠤᠳᠠᠯ ᠢ ᠶᠠᠷᠢᠭᠤᠯᠬᠤ᠂ ᠣᠯᠠᠨ ᠲᠦᠮᠡᠨ ᠤ ᠵᠣᠪᠠᠨᠢᠯ ᠢ ᠰᠢᠢᠳᠪᠦᠷᠢᠯᠡᠬᠦ᠂ ᠣᠯᠠᠨ ᠲᠦᠮᠡᠨ ᠳᠤ ᠦᠢᠯᠡᠴᠢᠯᠡᠬᠦ ᠬᠡᠷᠡᠭ ᠡᠷᠬᠢᠯᠡᠬᠦ ᠪᠠᠶᠢᠭᠤᠯᠤᠮᠵᠢ ᠪᠣᠯᠣᠨ᠎ᠠ᠃                               ᠨᠠᠶᠢᠷᠠᠭᠤᠯᠤᠭᠴᠢ᠄   ᠶᠠᠩ  ᠿᠦᠢ ᠵᠧᠨ                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2