ᠯᠢᠶᠠᠩᠴᠧᠩ ᠰᠢᠶᠠᠨ 286 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠳᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠪᠡ
ᠨᠡᠶᠢᠲᠡᠯᠡᠭᠰᠡᠨ ᠴᠠᠭ᠄
2025/3/28
    ᠬᠥᠳᠡᠭᠡ ᠲᠣᠰᠬᠤᠨ ᠤ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠪᠡᠯᠡᠳᠬᠡᠯ ᠬᠦᠴᠦᠨ ᠤ ᠶᠡᠷᠦᠩᠬᠡᠶᠢᠯᠡᠭᠰᠡᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ  ᠂ 3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠪᠦᠬᠦ ᠰᠢᠶᠠᠨ ᠤ 286 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠪᠣᠯᠪᠠᠰᠤᠷᠠᠯ ᠳᠤ ᠣᠷᠣᠯᠴᠠᠪᠠ᠃     ᠲᠤᠰ ᠤᠳᠠᠭ᠎ᠠ ᠶᠢᠨ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠭᠤᠣᠯ ᠡᠭᠦᠷᠭᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠺᠠᠳ᠋ᠷ ᠤᠨ ᠬᠡᠷᠬᠢᠨ ᠵᠥᠪ ᠬᠦᠴᠦᠨ ᠤ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠰᠤᠷᠤᠯᠴᠠᠵᠤ᠂ ︽ᠨᠢᠭᠡ ᠭᠤᠣᠯ ᠱᠤᠭᠤᠮ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ︾ ᠶᠢᠨ ᠲᠣᠭᠤᠷᠢᠨ ᠳᠤ ᠬᠡᠷᠬᠢᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠷᠰᠢᠯᠭ᠎ᠠ ᠪᠠᠨ ᠰᠣᠯᠢᠯᠴᠠᠬᠤ ᠪᠣᠯᠤᠨ᠎ᠠ᠃ ᠪᠣᠯᠪᠠᠰᠤᠷᠠᠭᠤᠯᠤᠯ ᠤᠨ ᠬᠤᠭᠤᠴᠠᠭᠠᠨ ᠳᠤ ᠰᠠᠬᠢᠯᠭ᠎ᠠ ᠪᠠᠲᠤ ᠴᠢᠩᠭ᠎ᠠ᠂ ᠰᠤᠷᠤᠯᠴᠠᠬᠤ ᠰᠤᠷᠲᠠᠯ ᠰᠠᠶᠢᠨ ᠪᠠᠶᠢᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠤ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠥᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃    ᠮᠠᠶᠢᠬᠤᠳᠤ ᠪᠠᠯᠭᠠᠰᠤᠨ ᠤ ᠴᠢᠩ ᠹᠧᠩ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠸᠧᠶ ᠳ᠋ᠦᠩ ᠱᠧᠩ᠄ ︽ᠲᠣᠰ ᠤᠳᠠᠭᠠᠨ ᠤ ᠪᠣᠯᠪᠠᠰᠤᠷᠠᠯ ᠤᠨ ᠬᠢᠴᠢᠶᠡᠯ ᠡᠯᠪᠡᠭ ᠪᠠᠶᠠᠯᠢᠭ᠂ ᠠᠭᠤᠯᠭ᠎ᠠ ᠦᠨᠡᠨ ᠪᠣᠳᠠᠲᠠᠶ ᠪᠥᠭᠡᠳ ᠪᠠᠰᠠ ᠮᠠᠨ ᠤ ᠪᠡᠯᠡᠳᠬᠡᠯ ᠬᠦᠴᠦᠨ ᠤ ᠬᠠᠮᠤᠭ ᠤᠨ ᠠᠩᠬᠠᠷᠴᠤ ᠪᠠᠶᠢᠭ᠎ᠠ ᠠᠵᠢᠯ᠂ ᠬᠠᠮᠤᠭ ᠤᠨ ᠲᠥᠭᠡᠷᠢᠭᠳᠡᠵᠦ ᠪᠠᠶᠢᠭ᠎ᠠ ᠬᠦᠴᠢᠷ ᠠᠰᠠᠭᠤᠳᠠᠯ ᠪᠠᠶᠢᠵᠤ᠂ ᠮᠠᠰᠢ ᠴᠢᠩᠭ᠎ᠠ ᠵᠢᠯᠣᠭᠤᠳᠬᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠶᠤᠮ᠃ ᠪᠢ ᠲᠤᠰ ᠤᠳᠠᠭ᠎ᠠ ᠶᠢᠨ ᠪᠣᠯᠪᠠᠰᠤᠷᠠᠯ  ᠢᠶᠠᠷ ᠲᠠᠮᠵᠢᠨ ᠰᠡᠳᠬᠢᠨ ᠰᠤᠷᠤᠯᠴᠠᠵᠤ᠂ ᠰᠡᠳᠬᠢᠨ ᠤᠬᠠᠭᠠᠷᠠᠵᠤ ᠠᠵᠢᠯ ᠤᠨ ᠪᠠᠶᠢᠷᠢ ᠪᠠᠨ ᠪᠤᠴᠠᠭᠠᠨ ᠠᠪᠴᠢᠷᠠᠵᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃                               ᠨᠠᠶᠢᠷᠠᠭᠤᠯᠤᠭᠴᠢ᠄   ᠶᠠᠩ  ᠿᠦᠢ ᠵᠧᠨ                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2