ᠣᠶᠢᠷ᠎ᠠ ᠶᠢᠨ ᠵᠢᠯ ᠳᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠡᠳᠦᠷ | ᠢᠷᠡᠬᠦᠶ᠎ᠡ ᠰᠠᠶᠢᠵᠢᠷᠠᠬᠤ ᠶᠢ ᠳᠠᠭᠠᠯᠳᠤᠨ᠂ ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠠᠮᠢ ᠠᠬᠤᠢ ᠶᠢᠨ | ᠰᠡᠷᠭᠦᠭᠡᠯᠲᠡ ᠢᠯᠡᠳᠲᠡ ᠦᠷ᠎ᠡ ᠪᠦᠲᠦᠮᠵᠢ ᠣᠯᠵᠤ᠂ ᠵᠢᠯ ᠪᠦᠷᠢ ᠶᠢᠨ ᠨᠡᠭᠦᠳᠡᠯ ᠤᠨ ᠤᠯᠠᠷᠢᠯ ᠳᠤ ᠴᠥᠮ ᠶᠡᠭᠡ | ᠬᠡᠮᠵᠢᠶᠡᠨ ᠤ ᠨᠡᠭᠦᠳᠡᠯ ᠤᠨ ᠰᠢᠪᠠᠭᠤ ᠠᠳᠡ ᠠᠮᠠᠷᠠᠵᠤ᠂ ᠬᠤᠭᠤᠯᠠ ᠡᠷᠢᠵᠦ᠂ ᠰᠢᠷᠬᠠᠲᠤᠭᠰᠠᠨ᠂ ᠡᠪᠡᠳᠴᠢᠨ ᠠᠴᠠ | ᠪᠤᠯᠵᠤ ᠵᠠᠬᠢᠶᠠᠯᠠᠭᠳᠠᠭᠰᠠᠨ ᠤᠯᠤᠰ ᠤᠨ ᠲᠠᠰ ᠤᠨ ᠬᠠᠮᠠᠭᠠᠯᠠᠯᠲᠠ ᠶᠢᠨ ᠠᠮᠢᠲᠠᠨ ᠴᠦ ᠡᠳᠦᠷ ᠢᠷᠡᠬᠦᠶ᠎ᠡ ᠨᠡᠮᠡᠭᠳᠡᠵᠦ | ᠪᠠᠶᠢᠨ᠎ᠠ᠃ | 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠯᠢᠶᠠᠩᠴᠧᠩ ᠰᠢᠶᠠᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ ᠤ ᠢᠳᠡᠭᠡᠨ ᠪᠠ ᠡᠮ ᠤᠨ ᠵᠦᠶ᠋ᠯ ᠤᠨ ᠶᠡᠭᠡ ᠠᠩᠭᠢ ᠣᠯᠠᠨ | ᠲᠦᠮᠡᠨ ᠤ ᠯᠢᠦ ᠢᠦᠶ ᠬᠦᠶ ᠶᠢᠨ ᠤᠲᠠᠰᠤ ᠶᠢ ᠲᠤᠰᠴᠤ᠂ ᠵᠢᠩ ᠭᠸᠦ ᠲᠣᠰᠬᠤᠨ ᠤ ᠵᠢᠤ ᠳ᠋ᠠᠢ ᠸᠠᠨ ᠳᠤ ᠨᠢᠭᠡ ᠵᠣᠷᠢᠭ | ᠨᠢ ᠮᠠᠭᠤᠳᠠᠵᠤ ᠨᠢᠰᠬᠦ ᠶᠢᠨ ᠠᠷᠭ᠎ᠠ ᠥᠬᠡᠶ ᠬᠤᠨ ᠭᠠᠯᠠᠭᠤ ᠶᠢ ᠣᠯᠵᠤ ᠮᠡᠳᠡᠵᠡᠶ᠂ ᠣᠲᠣ ᠨᠢᠭᠡᠨᠲᠡ ᠭᠡᠷ ᠲᠡᠭᠡᠨ | ᠬᠠᠷᠢᠭᠠᠳ ᠠᠪᠤᠷᠠᠨ ᠲᠤᠰᠠᠯᠠᠬᠤ ᠴᠢᠬᠤᠯᠠᠲᠠᠶ ᠪᠠᠶᠢᠨ᠎ᠠ᠃ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ | ᠶᠡᠭᠡ ᠠᠩᠭᠢ ᠶᠢᠨ ᠠᠵᠢᠯᠲᠠᠳ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠦ ᠰᠢᠢᠳᠪᠦᠷᠢᠯᠡᠨ᠂ ᠳᠠᠷᠠᠭ᠎ᠠ ᠨᠢ | ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠬᠡᠭᠡᠷ᠎ᠡ ᠶᠢᠨ | ᠠᠮᠢᠲᠠᠨ ᠢ ᠠᠪᠤᠷᠠᠨ ᠲᠤᠰᠠᠯᠠᠬᠤ ᠥᠷᠲᠡᠭᠡ ᠳᠤ ᠰᠢᠯᠵᠢᠭᠦᠯᠦᠨ ᠲᠤᠰᠢᠶᠠᠵᠤ ᠬᠤᠷᠢᠶᠠᠮᠵᠢᠯᠠᠨ ᠠᠪᠤᠷᠠᠪᠠ᠃ | ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠢᠯᠭᠠᠨ | ᠲᠣᠳᠣᠯᠠᠯᠲᠠ ᠪᠠᠷ ᠳᠠᠮᠵᠢᠨ᠂ ᠡᠨᠡ ᠬᠦ ᠰᠢᠷᠬᠠᠲᠤᠭᠰᠠᠨ ᠵᠢᠭᠦᠷᠲᠡᠨ ᠪᠣᠯ ᠤᠯᠤᠰ ᠤᠨ ᠬᠤᠶᠠᠳᠤᠭᠠᠷ ᠳᠡᠰ ᠤᠨ | ᠬᠠᠮᠠᠭᠠᠯᠠᠯᠲᠠ ᠶᠢᠨ ᠠᠮᠢᠲᠠᠨ ᠤ ᠬᠤᠨ ᠭᠠᠯᠠᠭᠤ ᠪᠣᠯᠣᠨ᠎ᠠ᠂ ᠭᠠᠯᠠᠭᠤ ᠶᠢᠨ ᠪᠠᠭ ᠤᠨ ᠨᠤᠭᠤᠰᠤᠨ ᠤ ᠢᠵᠠᠭᠤᠷ ᠪᠠᠶᠢᠵᠤ | ᠂ ᠳᠡᠯᠡᠬᠡᠢ ᠳᠡᠭᠡᠷ᠎ᠡ ᠬᠠᠮᠤᠭ ᠥᠨᠳᠥᠷ ᠨᠢᠰᠴᠦ ᠴᠢᠳᠠᠬᠤ ᠰᠢᠪᠠᠭᠤᠨ ᠤ ᠨᠢᠭᠡ ᠪᠠᠶᠢᠵᠤ᠂ ᠬᠠᠮᠤᠭ ᠤᠨ ᠥᠨᠳᠥᠷ | ᠨᠢᠰᠦᠯᠲᠡ ᠶᠢᠨ ᠬᠡᠮᠵᠢᠶ᠎ᠡ ᠨᠢ 9000 ᠮᠧᠲᠷ ᠠᠴᠠ ᠳᠡᠭᠡᠭᠰᠢ ᠬᠦᠷᠳᠡᠭ᠃ | ᠠᠪᠤᠷᠠᠨ ᠲᠤᠰᠠᠯᠠᠬᠤ ᠳᠤ ᠣᠷᠣᠯᠴᠠᠭᠰᠠᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠦᠢᠯᠡᠴᠢᠯᠡᠭᠡᠨ ᠤ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤᠬᠠᠭᠤᠯᠭ᠎ᠠ ᠶᠢᠨ ᠬᠢᠴᠢᠶᠡᠯ ᠤᠨ ᠭᠡᠷ ᠤᠨ | ᠡᠷᠬᠢᠯᠡᠭᠴᠢ ᠴᠧᠨ ᠢᠦᠶ᠄ ︽ᠠᠩᠬ᠎ᠠ ᠠᠯᠬᠤᠮ ᠤᠨ ᠬᠢᠨᠠᠨ ᠲᠣᠭᠲᠠᠭᠠᠯᠲᠠ ᠪᠠᠷ ᠳᠠᠮᠵᠢᠭᠠᠳ ᠡᠨᠡ ᠬᠦ ᠬᠤᠨ ᠭᠠᠯᠠᠭᠤ | ᠭᠠᠳᠠᠷ ᠰᠢᠷᠬ᠎ᠠ ᠣᠯᠵᠤ ᠮᠡᠳᠡᠭᠰᠡᠨ ᠦᠭᠡᠢ᠂ ᠦᠯᠡᠳᠡᠭᠡᠨ ᠠᠵᠢᠭᠯᠠᠵᠤ ᠠᠵᠢᠭᠯᠠᠵᠤ᠂ ᠨᠢᠰᠦᠯᠲᠡ ᠶᠢᠨ ᠨᠥᠬᠦᠴᠡᠯ ᠳᠤ | ᠬᠦᠷᠪᠡᠯ ᠪᠢᠳᠡ ᠨᠢᠰᠦᠯᠲᠡ ᠬᠢᠬᠦ ᠬᠡᠷᠡᠭᠲᠡᠶ︾ ᠭᠡᠵᠦ ᠬᠡᠯᠡᠪᠡ᠃ | ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ | ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠷᠠᠳ ᠣᠯᠠᠨ ᠤ ᠰᠢᠪᠠᠭᠤ ᠶᠢ ᠬᠠᠶᠢᠷᠠᠯᠠᠨ ᠰᠢᠪᠠᠭᠤ ᠶᠢ | ᠬᠠᠮᠠᠭᠠᠯᠠᠬᠤ ᠤᠬᠠᠮᠰᠠᠷᠲᠤ ᠴᠢᠨᠠᠷ ᠪᠠ ᠬᠠᠤᠯᠢ ᠴᠠᠭᠠᠵᠠ ᠶᠢᠨ ᠤᠬᠠᠮᠰᠠᠷ ᠲᠠᠰᠤᠷᠠᠯᠲᠠ ᠦᠭᠡᠢ ᠴᠢᠩᠭᠠᠷᠠᠵᠤ᠂ ᠪᠦᠬᠦ | ᠰᠢᠶᠠᠨ ᠤ ᠬᠡᠪᠴᠢᠶᠡᠨ ᠳᠤ ᠬᠥᠮᠦᠨ ᠪᠦᠬᠦᠨ ᠬᠡᠭᠡᠷ᠎ᠡ ᠶᠢᠨ ᠠᠮᠢᠲᠠᠨ ᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |