ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
  3 ᠰᠠᠷ᠎ᠠ ᠶᠢᠨ 26 ᠤ ᠡᠳᠦᠷ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠵᠢᠶᠠᠨ ᠵᠢᠶᠦ᠋ᠨ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠴᠧᠨ ᠷᠦᠢ ᠧ᠂ ᠳ᠋ᠠᠢ ᠵᠢᠶᠠᠨ ᠵᠦᠩ᠂ ᠭᠤᠤ ᠵᠢᠶᠦ᠋ᠨ ᠲᠢᠩ ᠣᠷᠣᠯᠴᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠢ ᠵᠢᠢ ᠴᠢᠩ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠰᠤᠯᠠ ᠣᠷᠣᠯᠴᠠᠪᠠ᠃     ᠬᠤᠷᠠᠯ ᠳᠤ ᠣᠷᠣᠯᠴᠠᠬᠤ ᠶᠣᠰᠣᠲᠠᠶ ᠪᠦᠷᠢᠯᠳᠦᠬᠦᠨ 31 ᠬᠥᠮᠦᠨ᠂ ᠪᠣᠳᠠᠲᠠᠶ ᠣᠷᠣᠯᠴᠠᠭᠰᠠᠨ 29 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ 2024 ᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠶᠠᠪᠤᠭᠳᠠᠭᠤᠯᠵᠤ᠂ ᠵᠤᠤ ᠵᠢᠶᠠᠨ ᠵᠢᠶᠦ᠋ᠨ ᠰᠢᠨ᠎ᠡ ᠪᠠᠷ ᠲᠤᠰᠢᠶᠠᠯ ᠡᠭᠦᠷᠭᠡᠯᠡᠭᠰᠡᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠠᠩᠭᠠᠷᠢᠭᠯᠠᠪᠠ᠃                                  
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2