ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠤᠶᠢᠯᠡᠳᠪᠤᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ  ᠤᠶᠢᠯᠡᠳᠪᠤᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2025/3/4
    ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠠᠵᠢᠯᠲᠠᠨ ᠠᠵᠢᠯᠴᠢᠳ ᠤᠨ ᠠᠶᠤᠯ ᠦᠭᠡᠶ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ 3 ᠰᠠᠷ᠎ᠠ ᠶᠢᠨ 3 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠤᠶᠢᠯᠡᠳᠪᠤᠷᠢᠯᠡᠯ  ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ ᠤᠶᠢᠯᠡᠳᠪᠤᠷᠢᠯᠡᠯ  ᠤᠨ ︽ᠠᠵᠢᠯ ᠡᠬᠢᠯᠡᠭᠦᠯᠬᠦ ᠨᠢᠭᠡᠳᠦᠭᠡᠷ ᠬᠢᠴᠢᠶᠡᠯ︾ ᠤᠨ ᠪᠣᠯᠪᠠᠰᠤᠷᠠᠭᠤᠯᠤᠯ ᠥᠷᠨᠢᠭᠦᠯᠵᠦ᠂ ᠰᠢᠶᠠᠨ ᠤ ᠬᠡᠪᠴᠢᠶᠡᠨ ᠤ ᠤᠶᠢᠯᠡᠳᠪᠤᠷᠢᠯᠡᠯ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠨᠢᠭᠡ ᠡᠳᠦᠷ ᠪᠣᠯᠤᠨ᠎ᠠ᠂ ᠪᠣᠯᠪᠠᠰᠤᠷᠠᠭᠤᠯᠤᠯ ᠤᠨ ᠠᠭᠤᠯᠭ᠎ᠠ ᠳᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠶᠢᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮ᠂ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠲᠡᠮᠳᠡᠭ ᠤᠨ ᠶᠡᠷᠦᠩᠬᠡᠶ ᠲᠦᠷᠢᠮ ᠵᠢᠴᠢ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠲᠡᠮᠳᠡᠭ ᠤᠨ ᠲᠡᠮᠳᠡᠭ ᠤᠨ ᠦᠷᠭᠦᠯᠵᠢ ᠲᠣᠬᠢᠶᠠᠯᠳᠤᠬᠤ ᠠᠰᠠᠭᠤᠳᠠᠯ ᠤᠨ ᠵᠠᠳᠠᠯᠤᠯᠲᠠ ᠪᠠ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠠᠭᠤᠯᠭ᠎ᠠ ᠵᠡᠷᠭᠡ ᠪᠠᠭᠲᠠᠨ᠎ᠠ᠃      ᠪᠣᠯᠪᠠᠰᠤᠷᠠᠭᠤᠯᠤᠯ ᠤᠨ ᠯᠧᠺᠲ᠋ᠤᠷ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠣᠳᠣᠬᠠᠨ ᠤ ᠠᠶᠤᠯᠭᠦᠶ ᠤᠶᠢᠯᠡᠳᠪᠤᠷᠢᠯᠡᠯ  ᠤᠨ ᠪᠠᠶᠢᠳᠠᠯ ᠢ ᠭᠦᠨᠵᠡᠭᠡᠶ ᠵᠠᠳᠠᠯᠤᠭᠰᠠᠨ ᠤ ᠬᠠᠮᠲᠤ ᠠᠶᠤᠯᠭᠦᠶ ᠦᠶ᠋ᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠲᠠᠯ᠎ᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠪᠠ᠃ ᠪᠣᠯᠪᠠᠰᠤᠷᠠᠯ ᠢᠶᠠᠷ ᠳᠠᠮᠵᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠮᠤᠷ ᠲᠦᠪᠰᠢᠨ ᠤ ᠤᠬᠠᠮᠰᠠᠷ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠢᠨ᠎ᠡ ᠨᠢᠭᠡ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠮᠥᠷᠳᠡᠨ ᠪᠠᠶᠢᠴᠠᠭᠠᠵᠤ᠂ ᠪᠣᠯᠪᠠᠰᠤᠷᠠᠯ ᠤᠨ ᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠬᠠᠮᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠯᠤᠨ᠎ᠠ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2