ᠯᠢᠶᠠᠩᠴᠧᠩ ᠰᠢᠶᠠᠨ ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/4
    2025 ᠣᠨ ᠤ 3 ᠰᠠᠷ᠎ᠠ ᠶᠢᠨ 3 ᠤ ᠡᠳᠦᠷ ᠪᠣᠯ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠮᠡᠳᠡᠯᠭᠡ ᠪᠠ ᠠᠮᠢ ᠠᠬᠤᠶ ᠶᠢᠨ ᠪᠣᠯᠪᠠᠰᠤᠨ ᠤ ᠠᠷᠪᠠᠨ ᠬᠤᠶᠠᠳᠤᠭᠠᠷ ᠣᠨᠣᠯᠵᠢᠬᠤᠨ ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠨᠡᠶᠢᠭᠡᠮ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠡᠭᠡ ᠠᠩᠭᠢ᠂ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠬᠠᠮᠲᠤᠷᠠᠨ ᠳ᠋ᠠᠶᠢᠬ᠎ᠠ ᠠᠭᠤᠳᠠᠮ ᠲᠠᠯᠠᠪᠠᠶ ᠳᠤ ︽ᠠᠮᠢᠳᠤ ᠪᠣᠳᠠᠰ ᠤᠨ ᠳᠦᠷᠰᠦ ᠶᠢ ᠬᠠᠮᠠᠭᠠᠯᠠᠬᠤ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠴᠢᠬᠤᠯᠠ ᠴᠢᠨᠠᠷ ᠪᠣᠯᠣᠨ ᠬᠠᠮᠢᠶ᠎ᠠ ᠪᠦᠬᠦᠢ ᠮᠡᠳᠡᠯᠭᠡ ᠶᠢ ᠳᠡᠯᠭᠡᠨ ᠦᠵᠡᠭᠦᠯᠬᠦ ᠶᠢᠨ ᠬᠠᠮᠲᠤ ᠲᠤᠬᠠᠢ ᠶᠢᠨ ᠲᠠᠯᠠᠪᠠᠢ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠤᠯᠠᠨ ᠲᠦᠮᠡᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠤᠬᠠᠢ ᠠᠰᠠᠭᠤᠳᠠᠯ ᠳᠤ ᠬᠠᠷᠢᠭᠤᠯᠲᠠ ᠥᠭᠴᠦ᠂ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠪᠠ᠃ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠵᠢᠶᠠ ᠵᠦ ᡁᠢ ᠥᠨᠥᠳᠦᠷ ᠠᠭᠤᠳᠠᠮ ᠲᠠᠯᠠᠪᠠᠢ ᠳᠤ ᠢᠷᠡᠵᠦ᠂ ᠠᠵᠢᠯᠲᠠᠳ ᠤᠬᠠᠭᠤᠯᠭ᠎ᠠ ᠶᠢᠨ ᠠᠵᠢᠯᠯᠠᠭ᠎ᠠ ᠬᠢᠵᠦ᠂ ᠠᠷᠠᠳ ᠢᠷᠭᠡᠨ ᠪᠣᠯᠤᠭᠰᠠᠨ ᠤ ᠬᠤᠪᠢ ᠳᠤ᠂ ᠪᠢᠳᠡ ᠪᠠᠰᠠ ᠴᠢᠳᠠᠯ ᠤᠨ ᠬᠢᠷᠢ ᠪᠠᠷ ᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠡᠷᠡᠭᠲᠡᠢ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 2000 ᠬᠤᠪᠢ ᠲᠠᠷᠬᠠᠭᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠤᠬᠠᠭᠤᠯᠭ᠎ᠠ ᠶᠢᠨ ᠤᠭᠤᠲᠠ 100 ᠭᠠᠷᠤᠶ ᠲᠠᠷᠬᠠᠭᠠᠵᠤ᠂ 300 ᠭᠠᠷᠤᠶ ᠠᠮᠠᠪᠴᠢ᠂ 300 ᠭᠠᠷᠤᠶ ᠬᠠᠶᠢᠷᠴᠠᠭ ᠴᠠᠭᠠᠰᠤᠨ ᠬᠠᠶᠢᠷᠴᠠᠭ ᠲᠠᠷᠬᠠᠭᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠮᠠᠨ ᠤ ᠰᠢᠶᠠᠨ ᠳᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠲᠤ ᠪᠠᠷ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠸᠧᠶ ᠯᠸᠢ ᠬᠡᠯᠡᠬᠦ ᠳᠡᠭᠡᠨ᠄ ︽ᠵᠠᠯᠭᠠᠭᠠᠳ ᠪᠢᠳᠡ ᠠᠮᠢᠳᠤ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢᠨ ᠣᠷᠣᠭᠤᠯᠤᠯᠲᠠ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠬᠤ ᠬᠡᠷᠡᠭᠲᠡᠶ︾ ᠭᠡᠵᠡᠶ᠃                                    ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2