ᠬᠠᠪᠤᠷ ᠤᠨ ᠲᠠᠷᠢᠶᠠᠯᠠᠭ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠯᠢᠶᠠᠩᠴᠧᠩ ᠰᠢᠶᠠᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠠᠵᠢᠯ ᠢ ᠢᠳᠡᠪᠬᠢᠲᠡᠢ | ᠰᠠᠶᠢᠲᠤᠷ ᠬᠢᠵᠦ᠂ ᠬᠢᠮᠢ ᠶᠢᠨ ᠪᠤᠷᠳᠤᠭᠤᠷ ᠤᠨ ᠶᠠᠰᠤ ᠴᠢᠨᠠᠷ ᠰᠢᠯᠢᠳᠡᠭ᠂ ᠦᠨ᠎ᠡ ᠬᠠᠩᠰᠢ ᠲᠣᠭᠲᠠᠭᠤᠨ᠂ ᠭᠦᠢᠴᠡᠳ | ᠪᠠᠶᠢᠬᠤ ᠶᠢ ᠪᠠᠲᠤᠯᠠᠪᠠ᠃ ᠲᠠᠷᠢᠶᠠᠴᠢᠨ ᠡᠷᠦᠬᠡ ᠳᠤ ︽ᠰᠠᠨᠠᠭ᠎ᠠ ᠠᠮᠤᠷ︾ ᠥᠭᠴᠦ᠂ ᠬᠠᠪᠤᠷ ᠤᠨ ᠲᠠᠷᠢᠶᠠᠯᠠᠭ᠎ᠠ ᠳᠤ | ᠬᠦᠴᠦᠲᠡᠢ ᠪᠠᠲᠤᠯᠠᠭ᠎ᠠ ᠬᠠᠩᠭᠠᠪᠠ᠃ 2 ᠰᠠᠷ᠎ᠠ ᠶᠢᠨ ᠰᠡᠭᠦᠯᠴᠢ ᠪᠣᠯᠲᠠᠯ᠎ᠠ᠂ ᠰᠢᠶᠠᠨ ᠤ ᠳᠣᠲᠣᠷᠠᠬᠢ ᠡᠯ᠎ᠡ ᠬᠢᠮᠢ ᠶᠢᠨ | ᠪᠣᠷᠲᠣᠭᠤᠷ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠵᠢᠴᠢ ᠲᠣᠤᠷ ᠴᠢᠭ ᠲᠤ ᠡᠯ᠎ᠡ ᠵᠤᠶᠢᠯ ᠤᠨ ᠬᠢᠮᠢ ᠶᠢᠨ | ᠪᠣᠷᠲᠣᠭᠤᠷ ᠢ ᠰᠠᠩ ᠬᠥᠮᠥᠷᠭᠡ ᠶᠢᠨ ᠳᠣᠲᠣᠷ᠎ᠠ ᠨᠣᠮᠧᠷ ᠢᠶᠠᠷ ᠲᠡᠷᠢ ᠲᠡᠭᠰᠢ ᠲᠠᠯᠪᠢᠵᠤ᠂ ᠲᠥᠷᠥᠯ ᠵᠤᠶᠢᠯ ᠨᠢ ᠪᠦᠷᠢᠨ | ᠭᠦᠢᠴᠡᠳ ᠪᠠᠶᠢᠵᠤ᠂ ᠬᠡᠰᠡᠭ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠡᠬᠢᠯᠡᠨ ᠲᠣᠮᠣ ᠡᠷᠦᠬᠡ ᠶᠢᠨ ᠲᠡᠷᠭᠡᠨ ᠳᠤ | ᠲᠡᠭᠡᠭᠡᠵᠦ ᠪᠣᠷᠳᠣᠭᠤᠷ ᠲᠡᠭᠡᠭᠡᠪᠦᠷᠢᠯᠡᠭᠰᠡᠨ ᠪᠠᠶᠢᠨ᠎ᠠ᠃ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠭᠦᠸᠧ ᠰᠢᠶᠠᠨ ᠶᠣᠣ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠢᠶ᠎ᠠ ᠶᠢᠨ ᠬᠠᠷᠢᠭᠤᠴᠠᠯᠭᠠᠲᠠᠨ ᠵᠢᠶᠠ | ᠿᠢ ᠱᠧᠩ᠄ ︽ᠨᠢᠳᠤᠨᠤᠨ ᠤ ᠵᠢᠯ ᠤᠨ ᠰᠡᠭᠦᠯᠴᠢ ᠠᠴᠠ ᠡᠮᠦᠨ᠎ᠡ ᠬᠢᠮᠢ ᠶᠢᠨ ᠪᠣᠷᠲᠣᠭᠤᠷ ᠤᠨ ᠦᠨ᠎ᠡ ᠬᠠᠩᠰᠢ | ᠵᠢᠭᠠᠬᠠᠨ ᠲᠣᠭᠲᠠᠪᠤᠷᠢ ᠦᠭᠡᠢ᠂ ᠨᠢᠭᠡ ᠰᠠᠷ᠎ᠠ ᠰᠢᠬᠠᠮ ᠬᠢᠮᠢ ᠶᠢᠨ ᠪᠣᠷᠲᠣᠭᠤᠷ ᠤᠨ ᠬᠠᠩᠭᠠᠯᠭ᠎ᠠ ᠶᠢᠨ ᠦᠨ᠎ᠡ | ᠲᠣᠭᠲᠠᠭᠤᠨ᠂ ᠭᠦᠢᠴᠡᠳ ᠪᠣᠯ᠂ ᠪᠢᠳᠡ ᠨᠢᠭᠡᠨᠲᠡ ᠬᠡᠷᠡᠭᠴᠡᠭᠡ ᠶᠢᠨ ᠬᠡᠮᠵᠢᠶ᠎ᠡ ᠶᠢᠨ 85% ᠠᠴᠠ ᠳᠡᠭᠡᠭᠰᠢᠬᠢ ᠶᠢ | ᠨᠥᠭᠡᠴᠡᠯᠡᠵᠦ ᠪᠠᠶᠢᠨ᠎ᠠ︾ ᠭᠡᠵᠦ ᠬᠡᠯᠡᠪᠡ᠃ ᠬᠦᠮᠦᠷᠭᠡ ᠳᠤ ᠡᠯ᠎ᠠ ᠵᠦᠢᠯ ᠤᠨ ᠬᠢᠮᠢ ᠶᠢᠨ ᠪᠤᠷᠳᠤᠭᠤᠷ᠂ | ᠲᠠᠷᠢᠶᠠᠯᠠᠩ ᠤᠨ ᠪᠦᠷᠬᠦᠪᠴᠢ ᠪᠠ ᠲᠤᠰᠤᠯ ᠬᠤᠭᠤᠯᠠᠢ ᠨᠢ ᠪᠦᠷᠢᠨ ᠭᠦᠢᠴᠡᠳ ᠪᠠᠶᠢᠳᠠᠭ᠃ ᠬᠠᠪᠤᠷ ᠤᠨ | ᠲᠠᠷᠢᠶᠠᠯᠠᠭ᠎ᠠ ᠶᠢᠨ ᠬᠢᠮᠢ ᠶᠢᠨ ᠪᠣᠷᠳᠣᠭᠤᠷ ᠤᠨ ᠬᠠᠩᠭᠠᠯᠭ᠎ᠠ ᠶᠢ ᠭᠦᠢᠴᠡᠳ ᠪᠠᠲᠤᠯᠠᠬᠤ ᠶᠢᠨ ᠲᠥᠯᠥᠭᠡ᠂ ᠡᠨᠡ ᠵᠢᠯ | ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠬᠢᠮᠢ ᠶᠢᠨ ᠪᠣᠷᠳᠣᠭᠤᠷ ᠡᠵᠡᠩᠨᠡᠨ ᠪᠣᠷᠣᠯᠠᠭᠤᠯᠬᠤ 2 | ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠬᠢᠮᠢ ᠶᠢᠨ ᠪᠣᠷᠳᠣᠭᠤᠷ ᠡᠵᠡᠩᠨᠡᠨ ᠪᠣᠷᠣᠯᠠᠭᠤᠯᠬᠤ ᠲᠣᠤᠷ ᠴᠡᠭ 19 | ᠪᠣᠯᠵᠤ᠂ ᠪᠦᠬᠦ ᠰᠢᠶᠠᠩ ᠪᠠᠯᠭᠠᠰᠤ ᠶᠢ ᠬᠠᠮᠤᠷᠪᠠ᠃ ᠲᠡᠷᠡᠴᠢᠯᠡᠨ ᠡᠯ᠎ᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ | ᠪᠣᠯ ᠴᠥᠮ ᠨᠠᠷᠠᠲᠤ ᠲᠣᠮᠣ ᠬᠡᠯᠪᠡᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠪᠠᠷᠠᠭ᠎ᠠ ᠣᠷᠣᠭᠤᠯᠵᠤ᠂ | ᠲᠠᠷᠢᠶᠠᠴᠢᠨ ᠡᠷᠦᠬᠡ ᠶᠢᠨ ᠴᠢᠨᠠᠷ ᠰᠠᠶᠢᠲᠠᠶ ᠦᠨ᠎ᠡ ᠰᠠᠶᠢᠲᠠᠶ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠲᠠᠸᠠᠷ ᠬᠤᠳᠠᠯᠳᠤᠨ ᠠᠪᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠣᠲᠣ ᠪᠣᠯᠲᠠᠯ᠎ᠠ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠨᠢᠭᠡᠨᠲᠡ | 5234 ᠲᠣᠨ ᠬᠢᠮᠢ ᠶᠢᠨ ᠪᠣᠷᠲᠣᠭᠤᠷ ᠬᠤᠳᠠᠯᠳᠤᠨ ᠠᠪᠴᠠᠢ᠂ ᠡᠭᠦᠨ ᠳᠤ ᠠᠽᠣᠲ ᠪᠣᠷᠳᠣᠭᠤᠷ 260 ᠲᠣᠨ᠂ | ᠹᠣᠰᠹᠣᠷ ᠪᠣᠷᠳᠣᠭᠤᠷ 1365 ᠲᠣᠨ᠂ ᠨᠡᠶᠢᠯᠡᠮᠡᠯ ᠪᠣᠷᠳᠣᠭᠤᠷ 3607 ᠲᠣᠨ ᠪᠤᠢ᠃ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠬᠢᠮᠢ ᠶᠢᠨ ᠪᠤᠷᠳᠤᠭᠤᠷ ᠤᠨ ᠬᠠᠩᠭᠠᠯᠭ᠎ᠠ ᠶᠢᠨ ᠬᠡᠮᠵᠢᠶ᠎ᠡ ᠶᠢᠨ 87% ᠬᠦᠷᠴᠦ᠂ ᠬᠢᠮᠢ ᠶᠢᠨ | ᠪᠤᠷᠳᠤᠭᠤᠷ ᠬᠠᠳᠠᠭᠠᠯᠠᠬᠤ ᠴᠠᠭ ᠨᠢ ᠨᠢᠳᠤᠨᠤᠨ ᠤ ᠬᠢ ᠠᠴᠠ ᠨᠢᠭᠡ ᠰᠠᠷ᠎ᠠ ᠤᠷᠢᠳᠴᠢᠯᠠᠪᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |