ᠵᠧᠩ ᠳ᠋ᠦᠩ ᠫᠢᠩ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/15
     4 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠵᠧᠩ ᠳ᠋ᠦᠩ ᠫᠢᠩ ᠤᠷᠢᠳ ᠬᠤᠵᠢᠳ ᠮᠠᠩᠬᠠᠨ ᠠᠭᠤᠯᠠ ᠶᠢᠨ ᠣᠶ ᠰᠢᠭᠤᠶ ᠶᠢᠨ ᠲᠠᠯᠠᠪᠠᠶ ᠵᠢᠴᠢ ᠴᠡᠯᠡᠭᠡᠷ ᠲᠠᠯ᠎ᠠ ᠶᠢᠨ ᠦᠵᠡᠮᠵᠢ ᠶᠢᠨ ᠣᠷᠣᠨ᠂ ᠳᠠᠭ᠎ᠠ ᠶᠢᠨ ᠨᠠᠭᠤᠷ ᠤᠨ ᠣᠶ ᠰᠢᠭᠤᠶ ᠶᠢᠨ ᠲᠠᠯᠠᠪᠠᠶ᠂ ᠪᠠᠶ ᠭᠧᠨ ᠱᠠᠨ ᠤ ᠪᠣᠭᠤᠮᠲᠠ ᠵᠡᠷᠭᠡ ᠭᠤᠤᠯᠳᠠᠯᠭ᠎ᠠ ᠲᠠᠢ ᠭᠠᠯ ᠰᠡᠷᠭᠡᠶᠢᠯᠡᠬᠦ ᠬᠡᠰᠡᠭ ᠲᠤ ᠬᠦᠷᠴᠦ᠂ ᠪᠣᠭᠤᠮᠲᠠ ᠶᠢᠨ ᠬᠠᠮᠢᠶᠠᠷᠤᠯᠲᠠ᠂ ᠠᠵᠢᠯᠲᠠᠨ ᠤ ᠵᠢᠵᠢᠭᠦᠷᠯᠡᠨ ᠰᠠᠬᠢᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠧᠩ ᠳ᠋ᠦᠩ ᠫᠢᠩ ᠬᠡᠯᠡᠬᠦ ᠳᠡᠭᠡᠨ᠂ ᠬᠠᠩᠰᠢ ᠶᠢᠨ ᠡᠳᠦᠷ ᠪᠣᠯ ᠣᠶ ᠰᠢᠭᠤᠶ ᠶᠢᠨ ᠭᠠᠯ ᠤᠨ ᠠᠶᠤᠯ ᠣᠯᠠᠨ ᠭᠠᠷᠬᠤ ᠬᠤᠭᠤᠴᠠᠭ᠎ᠠ ᠮᠥᠨ᠂ ᠪᠠᠰᠠ ᠴᠤ ᠣᠶ ᠰᠢᠭᠤᠶ ᠶᠢᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ︽ᠠᠮᠤᠷ ᠲᠦᠪᠰᠢᠨ ᠤ ᠴᠢᠪᠬᠠᠳᠠᠰᠤ︾ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠯᠠ ᠶᠢ ᠦᠨᠡᠨᠬᠦ ᠰᠠᠬᠢᠵᠤ᠂ ᠬᠥᠮᠦᠨ ᠢ ᠰᠠᠶᠢᠲᠤᠷ ᠠᠳᠬᠤᠵᠤ᠂ ᠭᠠᠯ ᠢ ᠬᠠᠮᠢᠶᠠᠷᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠪᠠᠶᠢᠴᠠᠭᠠᠬᠤ ᠡᠷᠴᠢᠮ ᠪᠣᠯᠤᠨ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠠᠵᠢᠯᠲᠠᠨ᠂ ᠡᠳ᠋ ᠪᠣᠳᠠᠰ᠂ ᠲᠡᠷᠭᠡ ᠬᠥᠰᠬᠡ ᠶᠢ ᠵᠦᠶ ᠵᠣᠬᠢᠰᠲᠠᠶ ᠲᠣᠬᠢᠷᠠᠭᠤᠯᠵᠤ᠂ ᠭᠠᠯ ᠲᠦᠢᠮᠡᠷ ᠭᠠᠷᠤᠮᠠᠭᠴᠠ ᠳᠠᠷᠤᠶ ᠲᠦᠷᠭᠡᠨ ᠳᠠᠭᠠᠵᠤ᠂ ᠠᠮᠤᠷ ᠲᠦᠪᠰᠢᠨ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠤᠬᠠᠭᠤᠯᠤᠨ ᠮᠡᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠲᠠᠬᠢᠯᠭ᠎ᠠ ᠬᠢᠯᠭᠡᠵᠦ᠂ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ︽ᠣᠶ ᠰᠢᠭᠤᠶ ᠶᠢᠨ ᠭᠠᠯ ᠰᠡᠷᠭᠡᠶᠢᠯᠡᠬᠦ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠪᠠᠢ ᠯᠢ ᠵᠢᠶᠦ᠋ᠨ᠂ ᠸᠠᠩ ᠵᠢᠶᠦ᠋ᠨ ᠶᠦᠩ᠂ ᠲᠢᠶᠠᠨ ᠳ᠋ᠦᠩ ᠪᠥᠸᠧ ᠣᠷᠣᠯᠴᠠᠵᠠᠢ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2