ᠵᠧᠩ ᠳ᠋ᠦᠩ ᠫᠢᠩ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/15
   4 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠤ ᠰᠢᠶᠠᠩ ᠬᠠᠯᠠᠭᠤᠨ ᠷᠠᠰᠢᠶᠠᠨ ᠤ ᠪᠠᠭᠤᠳᠠᠯ᠂ ᠯᠢᠶᠠᠩᠴᠧᠩ ᠰᠢᠶᠠᠨ ᠤ 25.46MW ᠬᠡᠷᠡᠯ ᠴᠡᠨᠡᠭ ᠤᠨ ᠬᠠᠪᠰᠤᠷᠤᠨ ᠲᠡᠳᠬᠦᠬᠦ ᠲᠣᠰᠬᠤᠨ ᠤ ᠱᠠᠲᠤᠨ ᠤ ᠴᠠᠬᠢᠯᠭᠠᠨ ᠥᠷᠲᠡᠭᠡᠨ ᠤ ᠲᠥᠷᠥᠯ ᠵᠦᠶ᠋ᠯ᠂ ᠳᠠᠭ᠎ᠠ ᠶᠢᠨ ᠨᠠᠭᠤᠷ ᠤᠨ ᠴᠠᠬᠢᠯᠭᠠᠨ ᠤᠶᠢᠯᠡᠳᠪᠤᠷᠢ ᠶᠢᠨ ᠲᠥᠷᠥᠯ  ᠵᠤᠶᠢᠯ ᠵᠡᠷᠭᠡ ᠭᠠᠵᠠᠷ ᠲᠤ ᠵᠧᠩ ᠳ᠋ᠦᠩ ᠫᠢᠩ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠠᠶᠤᠯᠭᠦᠶ ᠦᠢᠯᠡᠳᠪᠦᠷᠢᠯᠡᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠵᠢᠴᠢ  ᠤᠶᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠵᠧᠩ ᠳ᠋ᠦᠩ ᠫᠢᠩ᠂ ᠴᠢᠬᠤᠯᠠ ᠶᠡᠭᠡ ᠲᠦᠷᠦᠯ ᠵᠦᠢᠯ ᠪᠣᠯ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠳᠠᠷᠠᠭ᠎ᠠ ᠨᠢ᠂ ᠵᠧᠩ ᠳ᠋ᠦᠩ ᠫᠢᠩ ᠮᠠᠩᠬᠠᠨ ᠠᠭᠤᠯᠠ ᠶᠢᠨ ᠣᠶ ᠰᠢᠭᠤᠶ ᠶᠢᠨ ᠲᠠᠯᠠᠪᠠᠶ ᠪᠣᠯᠤᠨ ᠪᠠᠶ ᠭᠧᠨ ᠱᠠᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠰᠢᠭᠤᠶᠢᠲᠤ ᠣᠷᠣᠨ ᠤ ᠣᠶ ᠰᠢᠭᠤᠶ ᠶᠢᠨ ᠭᠠᠯ ᠰᠡᠷᠭᠡᠶᠢᠯᠡᠬᠦ ᠵᠠᠮ ᠤᠨ ᠲᠤᠬᠠᠶ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃     ᠪᠠᠢ ᠯᠢ ᠵᠢᠶᠦ᠋ᠨ᠂ ᠸᠠᠩ ᠵᠢᠶᠦ᠋ᠨ ᠶᠦᠩ ᠣᠷᠣᠯᠴᠠᠪᠠ᠃                                ᠨᠠᠶᠢᠷᠠᠭᠤᠯᠤᠭᠴᠢ᠄   ᠴᠧᠨ ᠰᠢᠶᠤᠤ ᠵᠢᠤᠸᠠᠨ                                ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2