ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠤᠯᠠᠨ ᠤ | ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠰᠢᠶᠠᠨ ᠤ ᠤᠯᠤᠰ ᠲᠦᠷᠦ | ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ᠂ ᠡᠪᠯᠡᠯ ᠤᠨ ᠰᠢᠶᠠᠨ ᠤ ᠨᠠᠮ ᠤᠨ | ᠬᠤᠷᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠳ᠋ᠠᠢ ᠬᠠ ᠠᠭᠤᠳᠠᠮ ᠲᠠᠯᠠᠪᠠᠢ ᠳᠤ ︽ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠤᠯᠤᠰ ᠤᠨ | ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠯᠢ ᡁᠢ | ᠭᠠᠩ᠂ ᠴᠧᠨ ᠰᠢᠶᠤᠤ ᠹᠧᠩ ᠬᠤᠷᠠᠯ ᠳᠤ ᠣᠷᠣᠯᠴᠠᠪᠠ᠃ ᠠᠵᠢᠯᠯᠠᠭ᠎ᠠ ᠨᠢ ᠠᠰᠠᠭᠤᠨ ᠯᠠᠪᠯᠠᠬᠤ ᠲᠠᠪᠴᠠᠩ ᠭᠠᠷᠭᠠᠬᠤ᠂ | ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠤᠭᠤᠲᠠ ᠲᠠᠷᠬᠠᠭᠠᠬᠤ | ᠵᠢᠴᠢ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠨᠠᠰᠢ ᠴᠠᠰᠢ ᠥᠩᠭᠡᠷᠡᠬᠦ | ᠤᠯᠠᠨ ᠲᠦᠮᠡᠨ ᠳᠤ ᠤᠯᠤᠰ ᠲᠦᠷᠦ᠂ ᠤᠯᠤᠰ ᠤᠨ ᠭᠠᠵᠠᠷ ᠰᠢᠷᠣᠢ᠂ ᠰᠦᠯᠵᠢᠶ᠎ᠡ ᠵᠡᠷᠭᠡ ᠬᠦᠷᠢᠶᠡᠨ ᠤ ᠤᠯᠤᠰ ᠤᠨ ᠠᠮᠤᠷ | ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠤᠯᠠᠨ ᠢ ᠬᠥᠲᠥᠯᠥᠨ | ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠵᠥᠪ ᠦᠵᠡᠯᠲᠡ ᠶᠢ ᠪᠤᠢ ᠪᠣᠯᠭᠠᠪᠠ᠃ ᠠᠵᠢᠯᠯᠠᠭ᠎ᠠ ᠳᠤ ᠨᠡᠶᠢᠲᠡ | 5000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | | | | | | | | | | | | | | | | | ᠰᠠᠭᠤᠭᠠᠯᠢ ᠠᠷᠠᠳ ᠳ᠋ᠤᠸᠠᠨ ᠴᠦᠨ ᠮᠧᠶ ᠠᠵᠢᠯᠲᠠᠨ ᠠᠴᠠ ᠮᠠᠨ ᠤ ᠠᠷᠠᠳ ᠴᠤ ᠭᠦᠨᠵᠡᠭᠡᠶ ᠨᠥᠯᠥᠭᠡ ᠲᠠᠢ ᠪᠣᠯᠵᠤ᠂ | ᠪᠢᠳᠡᠨ ᠳᠤ ᠶᠡᠭᠡ ᠠᠴᠢ ᠬᠤᠯᠪᠣᠭᠳᠠᠯ ᠲᠠᠢ ᠶᠤᠮ ᠭᠡᠵᠦ ᠶᠠᠷᠢᠵᠤ ᠥᠭᠪᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | | |