ᠬᠤᠲᠠᠴᠢᠯᠠᠯᠲᠠ ᠶᠢᠨ ᠠᠬᠢᠴᠠ ᠶᠢᠨ ᠲᠦᠷᠭᠡᠳᠴᠦ ᠪᠠᠶᠢᠭ᠎ᠠ ᠪᠠ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ | ᠲᠦᠪᠰᠢᠨ ᠤ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠣᠯᠠᠨ ᠲᠦᠮᠡᠨ ᠤ ᠤᠰᠤ ᠬᠡᠷᠡᠭᠯᠡᠬᠦ ᠬᠡᠷᠡᠭᠴᠡᠭᠡ ᠶᠢ | ᠬᠠᠩᠭᠠᠬᠤ ᠶᠢᠨ ᠲᠥᠯᠥᠭᠡ᠂ ᠣᠶᠢᠷ᠎ᠠ ᠶᠢᠨ ᠵᠢᠯ ᠠᠴᠠ ᠨᠠᠰᠢ᠂ ᠯᠢᠶᠠᠩᠴᠧᠩ ᠰᠢᠶᠠᠨ ᠤᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠲᠠᠯ᠎ᠠ ᠪᠠᠷ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠣᠶᠤᠨᠴᠢᠯᠠᠭᠰᠠᠨ | ᠤᠰᠤ ᠬᠠᠩᠭᠠᠬᠤ ᠬᠤᠭᠤᠯᠠᠶ ᠶᠢᠨ ᠲᠣᠤᠷ ᠪᠠ ᠤᠰᠤᠨ ᠤ ᠬᠡᠮᠵᠢᠭᠦᠷ ᠢ ᠥᠭᠡᠷᠡᠴᠢᠯᠡᠬᠦ ᠢᠨᠵᠧᠨᠧᠷᠢᠩ ᠢ ᠪᠥᠬᠦ | ᠬᠦᠴᠦᠨ ᠢᠶᠠᠷ ᠢᠶᠠᠨ ᠬᠡᠷᠡᠭᠵᠢᠭᠦᠯᠵᠦ᠂ ᠣᠶᠤᠨᠴᠢᠯᠠᠭᠰᠠᠨ ᠤᠰᠤᠨ ᠤ ᠶᠠᠪᠤᠳᠠᠯ ᠤᠨ ᠲᠠᠪᠴᠠᠩ ᠢ ᠵᠢᠩᠬᠢᠨᠢ ᠪᠠᠷ | ᠨᠡᠪᠲᠡᠷᠡᠭᠦᠯᠬᠦ ᠶᠢᠨ ᠬᠠᠮᠲᠤ ᠣᠶᠤᠨᠴᠢ ᠤᠰᠤᠨ ᠤ ᠶᠠᠪᠤᠳᠠᠯ ᠤᠨ ᠲᠠᠪᠴᠠᠩ ᠢ ᠬᠦᠴᠦᠯᠡᠨ ᠬᠡᠷᠡᠭᠯᠡᠵᠦ᠂ ᠤᠰᠤᠨ ᠤ | ᠶᠠᠪᠤᠳᠠᠯ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠳᠥᠭᠦᠮ ᠳᠥᠲᠡ᠂ ᠤᠶᠤᠨᠴᠢᠯᠠᠬᠤ ᠬᠠᠷᠠᠯᠲᠠ ᠶᠢ ᠬᠦᠴᠦᠯᠡᠨ | ᠪᠡᠶᠡᠯᠡᠭᠦᠯᠵᠦ᠂ ᠤᠰᠤ ᠬᠠᠩᠭᠠᠬᠤ ᠦᠢᠯᠡᠴᠢᠯᠡᠭᠡ ᠶᠢ ᠨᠠᠩ ︽ᠠᠷᠠᠳ ᠲᠤ ᠲᠥᠬᠦᠮ ᠦᠵᠡᠭᠦᠯᠬᠦ᠂ ᠠᠷᠠᠳ ᠲᠤ | ᠠᠰᠢᠭ ᠬᠦᠷᠲᠡᠭᠡᠬᠦ ︾ ᠪᠣᠯᠭᠠᠪᠠ᠃ ᠣᠶᠢᠷ᠎ᠠ ᠳᠤ᠂ ᠰᠤᠷᠪᠤᠯᠵᠢᠯᠠᠭᠴᠢ ᠬᠤᠩ ᠮᠤᠤ ᠪᠠᠯᠭᠠᠰᠤᠨ ᠤ ᠭᠤᠸᠠᠩ ᠮᠢᠩ | ᠪᠠᠭ᠎ᠠ ᠲᠣᠭᠤᠷᠢᠭ ᠤᠨ ᠰᠠᠭᠤᠭᠠᠯᠢ ᠡᠷᠦᠬᠡ ᠶᠢᠨ ᠬᠡᠷ ᠲᠤ᠂ ᠰᠢᠨ᠎ᠡ ᠪᠠᠷ ᠤᠭᠰᠠᠷᠠᠭᠰᠠᠨ ᠤᠶᠤᠨᠲᠤ ᠤᠰᠤᠨ ᠤ | ᠬᠡᠮᠵᠢᠭᠦᠷ ᠨᠢ ᠰᠠᠭᠤᠭᠠᠯᠢ ᠠᠷᠠᠳ ᠤᠨ ᠠᠮᠢᠳᠤᠷᠠᠯ ᠳᠤ ᠦᠨᠡᠨ ᠪᠣᠳᠠᠲᠠᠶ ᠲᠥᠬᠦᠮ ᠦᠵᠡᠭᠦᠯᠵᠦ ᠪᠠᠶᠢᠬᠤ ᠶᠢ ᠣᠯᠵᠤ | ᠬᠠᠷᠠᠪᠠ᠃ ᠤᠯᠠᠮᠵᠢᠯᠠᠯᠲᠤ ᠮᠧᠬᠠᠨᠢᠭ ᠤᠨ ᠤᠰᠤᠨ ᠤ ᠬᠡᠮᠵᠢᠭᠦᠷ ᠲᠠᠢ ᠬᠠᠷᠢᠴᠠᠭᠤᠯᠪᠠᠯ᠂ ᠰᠢᠨ᠎ᠡ ᠨᠢᠭᠡ ᠦᠶ᠎ᠡ ᠶᠢᠨ | ᠤᠶᠤᠨᠲᠤ ᠤᠰᠤᠨ ᠤ ᠬᠡᠮᠵᠢᠭᠦᠷ ᠨᠢ ᠢᠯᠡᠳᠲᠡ ᠳᠠᠪᠠᠭᠤᠯᠢᠭ ᠲᠠᠢ᠄ ᠢᠨᠲ᠋ᠧᠷ ᠰᠦᠯᠵᠢᠶᠡᠨ ᠤ ᠮᠡᠷᠭᠡᠵᠢᠯ ᠢᠶᠠᠷ ᠤᠰᠤ | ᠬᠡᠷᠡᠭᠯᠡᠬᠦ ᠲᠤᠭ᠎ᠠ ᠪᠠᠷᠢᠮᠲᠠ ᠶᠢ ᠠᠯᠤᠰ ᠠᠴᠠ ᠳᠠᠮᠵᠢᠭᠤᠯᠬᠤ ᠪᠠ ᠴᠠᠭ ᠲᠤᠬᠠᠶ ᠳᠤᠨᠢ ᠬᠢᠨᠠᠨ ᠡᠵᠡᠮᠳᠡᠬᠦ ᠶᠢ | ᠪᠡᠶᠡᠯᠡᠭᠦᠯᠪᠡ︔ ᠬᠡᠷᠡᠭᠯᠡᠭᠴᠢᠳ ᠲᠤ ᠤᠰᠤ ᠬᠡᠷᠡᠭᠯᠡᠬᠦ ᠬᠡᠮᠵᠢᠶ᠎ᠡ᠂ ᠤᠰᠤᠨ ᠤ ᠵᠠᠷᠤᠳᠠᠯ ᠤᠨ ᠳᠠᠩᠰᠠ ᠵᠡᠷᠭᠡ ᠮᠡᠳᠡᠭᠡ | ᠵᠠᠩᠭᠢ ᠶᠢ ᠥᠪᠡᠷ ᠢᠶᠠᠨ ᠬᠥᠳᠡᠯᠭᠡᠵᠦ ᠪᠣᠯᠤᠨ᠎ᠠ︔ ᠨᠡᠩ ᠴᠤ ᠬᠡᠷᠡᠭᠯᠡᠭᠴᠢᠳ ᠲᠤ ᠤᠰᠤ ᠬᠡᠷᠡᠭᠯᠡᠬᠦ ᠬᠡᠮᠵᠢᠶ᠎ᠡ᠂ | ᠤᠰᠤᠨ ᠤ ᠵᠠᠷᠤᠳᠠᠯ ᠤᠨ ᠳᠠᠩᠰᠠ ᠵᠡᠷᠭᠡ ᠮᠡᠳᠡᠭᠡ ᠵᠠᠩᠭᠢ ᠶᠢ ᠣᠶᠤᠨᠴᠢ ᠪᠠᠷ ᠢᠯᠭᠠᠨ ᠲᠠᠨᠢᠵᠤ ᠪᠣᠯᠤᠨ᠎ᠠ︔ ᠨᠡᠩ ᠴᠤ | ᠰᠠᠭᠤᠭᠠᠯᠢ ᠠᠷᠠᠳ ᠲᠤ ᠥᠪᠡᠷ ᠤᠨ ᠤᠰᠤᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠭᠦᠯᠵᠦ ᠪᠣᠯᠤᠨ᠎ᠠ᠃ | ᠭᠤᠸᠠᠩ ᠮᠢᠩ ᠰᠠᠭᠤᠭᠠᠯᠢ ᠠᠷᠠᠳ ᠤᠨ ᠲᠣᠭᠤᠷᠢᠭ ᠤᠨ ᠮᠠ ᠶᠤᠸᠠᠢ ᠲᠢᠩ ᠰᠢᠨ᠎ᠡ ᠤᠶᠤᠨᠲᠤ ᠤᠰᠤᠨ ᠤ | ᠬᠦᠰᠦᠨᠦᠭᠲᠦ ᠶᠢ ᠲᠣᠬᠢᠷᠠᠭᠤᠯᠪᠠ᠂ ᠪᠢᠳᠡ ᠰᠦᠢᠳᠬᠡᠯ ᠲᠤᠰᠢᠶᠠᠬᠤ ᠳᠤ ᠮᠠᠰᠢ ᠳᠥᠭᠦᠮ ᠦᠵᠡᠭᠦᠯᠪᠡ᠃ ᠤᠤᠯ ᠨᠢ | ᠪᠢᠳᠡ ᠪᠦᠷ ᠤᠰᠤᠨ ᠤ ᠰᠦᠢᠳᠭᠡᠯ ᠬᠤᠷᠢᠶᠠᠭᠰᠠᠨ ᠤ ᠳᠠᠷᠠᠭ᠎ᠠ ᠲᠦᠭᠡᠭᠡᠯ ᠤᠰᠤᠨ ᠤ ᠺᠤᠮᠫᠠᠨᠢ ᠶᠢᠨ ᠠᠵᠢᠯᠯᠠᠬᠤ | ᠲᠢᠩᠬᠢᠮ ᠢ ᠭᠦᠶᠦᠵᠦ ᠰᠦᠢᠳᠭᠡᠯ ᠲᠤᠰᠢᠶᠠᠨ᠎ᠠ᠂ ᠤᠨᠴᠠᠭᠠᠶᠢᠯᠠᠨ ᠶᠠᠷᠰᠢᠭ ᠲᠠᠢ᠂ ᠴᠠᠭ ᠵᠠᠷᠤᠴᠠᠭᠤᠯᠤᠪᠠᠯ ᠪᠠᠰᠠ | ᠬᠦᠴᠦ ᠪᠠᠷᠠᠨ᠎ᠠ᠂ ᠣᠳᠣ ᠪᠢᠳᠡ ᠭᠠᠷ ᠤᠲᠠᠰᠤᠨ ᠳᠡᠭᠡᠷ᠎ᠡ ᠠᠴᠠ ᠵᠢᠭᠠᠬᠠᠨ ᠠᠪᠤᠪᠠᠯ ᠰᠦᠶᠢᠳᠭᠡᠯ ᠢᠶᠠᠨ ᠲᠤᠰᠢᠶᠠᠨ᠎ᠠ᠂ | ᠲᠤᠩ ᠳᠥᠭᠦᠮ᠃ | ᠣᠶᠢᠯᠠᠭᠠᠭᠰᠠᠨ ᠢᠶᠠᠷ᠂ ᠡᠨᠡ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠣᠶᠤᠨᠴᠢ ᠤᠰᠤᠨ ᠤ | ᠶᠠᠪᠤᠳᠠᠯ ᠤᠨ ᠢᠨᠵᠧᠨᠧᠷᠢᠩ ᠢ 2024 ᠣᠨ ᠤ 9 ᠰᠠᠷ᠎ᠠ ᠳᠤ ᠵᠢᠩᠬᠢᠨᠢ ᠪᠠᠷ ᠡᠬᠢᠯᠡᠨ ᠪᠠᠶᠢᠭᠤᠯᠵᠤ᠂ ᠣᠳᠣᠬᠠᠨ ᠳᠤ | ᠨᠢᠭᠡᠨᠲᠡ ᠶᠡᠷᠦᠩᠬᠡᠶ ᠢᠨᠵᠧᠨᠧᠷᠢᠩ ᠤᠨ 80% ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ 12 ᠰᠠᠷ᠎ᠠ ᠳᠤ | ᠪᠥᠬᠦ ᠲᠠᠯ᠎ᠠ ᠪᠠᠷ ᠠᠵᠢᠯ ᠳᠠᠭᠤᠰᠬᠠᠬᠤ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠠᠭᠤᠭᠠᠯᠢ | ᠠᠷᠠᠳ ᠲᠤ ︽ᠬᠦᠰᠦᠨᠦᠭ ᠬᠠᠭᠤᠯᠵᠤ ᠡᠷᠦᠬᠡ ᠳᠤ ᠣᠷᠣᠭᠤᠯᠬᠤ ᠥᠬᠡᠶ᠂ ᠰᠦᠢᠳᠬᠡᠯ ᠲᠤᠰᠢᠶᠠᠵᠤ ᠭᠠᠳᠠᠭᠰᠢ | ᠭᠠᠷᠬᠤ ᠥᠬᠡᠶ︾ ᠳᠥᠭᠦᠮ ᠳᠥᠲᠡ ᠪᠠᠶᠢᠳᠠᠯ ᠢ ᠡᠳ᠋ᠯᠡᠭᠦᠯᠬᠦ ᠶᠢ ᠪᠡᠶᠡᠯᠡᠭᠦᠯᠦᠨ᠎ᠡ᠃ ᠤᠰᠤᠨ ᠤ ᠴᠢᠨᠠᠷ ᠢ ᠬᠢᠨᠠᠨ | ᠬᠡᠮᠵᠢᠬᠦ ᠬᠡᠰᠡᠭ ᠨᠢ ᠤᠰᠤᠨ ᠤ ᠴᠢᠨᠠᠷ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠵᠤ᠂ ᠰᠠᠭᠤᠭᠠᠯᠢ | ᠠᠷᠠᠳ ᠤᠨ ᠤᠰᠤ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠯᠠᠨ ᠲᠦᠮᠡᠨ ᠳᠤ ︽ᠰᠠᠨᠠᠭ᠎ᠠ ᠠᠮᠤᠷ | ᠤᠰᠤ︾ ᠤᠤᠭᠤᠯᠭᠠᠪᠠ᠃ ᠡᠭᠦᠨ ᠤ ᠬᠠᠮᠲᠤ᠂ ᠴᠠᠭ ᠲᠤᠬᠠᠶ ᠳᠤᠨᠢ ᠬᠢᠨᠠᠨ ᠬᠡᠮᠵᠢᠬᠦ ᠪᠠ ᠲᠤᠭ᠎ᠠ ᠪᠠᠷᠢᠮᠲᠠ ᠶᠢᠨ | ᠵᠠᠳᠠᠯᠤᠯᠲᠠ ᠬᠢᠬᠦ ᠪᠠᠷ ᠳᠠᠮᠵᠢᠭᠤᠯᠤᠨ᠂ ᠤᠰᠤ ᠬᠠᠩᠭᠠᠬᠤ ᠲᠣᠬᠢᠷᠠᠭᠤᠯᠤᠯᠲᠠ ᠶᠢ ᠰᠢᠰᠲ᠋ᠧᠮ ᠲᠠᠢ ᠰᠢᠯᠢᠳᠡᠭᠵᠢᠭᠦᠯᠵᠦ᠂ | ᠡᠨᠧᠷᠭᠢ ᠶᠢᠨ ᠬᠤᠷᠣᠭᠳᠠᠯ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ᠂ ︽ᠬᠤᠣᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠡᠭᠦᠨ ᠠᠴᠠ ᠭᠠᠳᠠᠨ᠎ᠠ᠂ | ᠤᠶᠤᠨᠲᠤ ᠤᠰᠤᠨ ᠤ ᠶᠠᠪᠤᠳᠠᠯ ᠤᠨ ᠰᠢᠰᠲ᠋ᠧᠮ ᠪᠠᠰᠠ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ | ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ | ᠃ |