ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 10 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
 4 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 10 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ᠂ ᠰᠢᠶᠠᠨ ᠤ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠬᠤᠷᠠᠯ᠂ ᠰᠢᠶᠠᠨ ᠤ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠶᠡᠷᠦᠩᠬᠡᠶ ᠳᠠᠷᠤᠭ᠎ᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︿ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠤ ᠳᠠᠷᠠᠭᠠᠬᠢ ᠬᠤᠶᠠᠷ ᠵᠢᠯ ᠤᠨ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠪᠣᠯᠤᠨ ᠪᠦᠬᠦ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠰᠢᠶᠠᠨ ᠤ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠵᠡᠷᠭᠡ ᠶᠢ ᠬᠢᠨᠠᠨ ᠵᠥᠪᠯᠡᠪᠡ᠃ ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠶᠡᠷᠦᠩᠬᠡᠢ ᠵᠢᠷᠤᠮᠯᠠᠯ ᠪᠠ ᠶᠡᠷᠦᠩᠬᠡᠢ ᠬᠥᠲᠥᠯᠪᠦᠷᠢ ᠪᠣᠯᠭᠠᠵᠤ᠂ ᠭᠤᠣᠯ ᠴᠢᠬᠤᠯᠠ ᠠᠭᠤᠯᠭ᠎ᠠ ᠶᠢ ᠨᠡᠪᠲᠡᠷᠬᠡᠢ ᠣᠶᠢᠯᠠᠭᠠᠵᠤ᠂ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ ᠪᠠᠶᠢᠬᠤ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠳᠠᠯ ᠬᠠᠭᠤᠷᠮᠠᠭ ᠴᠢᠨᠠᠷ ᠮᠠᠭᠤ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠶ᠃ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠤᠢ ᠰᠢᠭᠤᠢ ᠶᠢᠨ ᠳᠠᠷᠤᠭ᠎ᠠ︾ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ︽ᠤᠢ ᠰᠢᠭᠤᠢ ᠶᠢᠨ ᠳᠠᠷᠤᠭ᠎ᠠ ᠪᠠᠶᠢᠴᠠᠭᠠᠬᠤ ᠳᠠᠷᠤᠭ᠎ᠠ︾ ︽ᠤᠢ ᠰᠢᠭᠤᠢ ᠶᠢᠨ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠥᠷᠭᠡᠳᠬᠡᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠬᠦ᠂ ᠰᠦᠪᠡᠭᠴᠢ ᠶᠢ ᠲᠦᠷᠭᠡᠨ ᠳᠠᠭᠠᠬᠤ᠂ ᠠᠰᠠᠭᠤᠳᠠᠯ ᠢ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠭᠡᠷ᠎ᠡ ᠶᠢᠨ ᠭᠠᠯ ᠤᠨ ᠢᠷᠡᠯᠲᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠠᠭᠤᠯᠭ᠎ᠠ ᠶᠢ ᠬᠢᠨᠠᠨ ᠵᠥᠪᠯᠡᠪᠡ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                      ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2