ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠭᠦᠢᠴᠡᠳ ᠠᠵᠢᠯ ᠤᠯᠬᠤ ᠶᠢ ᠠᠬᠢᠭᠤᠯᠬᠤ ᠶᠢᠨ | ᠲᠥᠯᠥᠭᠡ᠂ ᠮᠠᠨ ᠤ ᠬᠤᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ | ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠤᠬᠠᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠳᠤ ᠣᠷᠣᠯᠴᠠᠬᠤ ᠶᠢ ᠲᠦᠷᠭᠡᠳᠬᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠤᠨ ᠪᠠᠶᠢᠷᠢ ᠶᠢᠨ | ᠦᠢᠯᠡᠳᠦᠯᠭᠡ ᠶᠢᠨ ᠲᠤᠷᠰᠢᠯᠭ᠎ᠠ ᠪᠠ ᠠᠵᠢᠯ ᠣᠯᠬᠤ ᠥᠷᠢᠰᠦᠯᠳᠦᠬᠦ ᠬᠦᠴᠦᠨ ᠢ ᠨᠡᠮᠡᠭᠳᠡᠭᠦᠯᠪᠡ᠃ ᠡᠳᠦᠭᠡ ᠮᠠᠨ ᠤ | ᠬᠤᠲᠠ ᠶᠢᠨ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠬᠥᠮᠦᠰ ᠢ ᠢᠯᠡ ᠪᠠᠷ ᠡᠯᠰᠡᠬᠦ | ᠬᠡᠷᠡᠭᠵᠢᠭᠦᠯᠬᠦ ᠲᠥᠰᠦᠯ ᠢ ᠳᠣᠤᠷᠠᠬᠢ ᠮᠡᠲᠦ ᠨᠡᠶᠢᠲᠡᠯᠡᠪᠡ᠄ | ᠨᠢᠭᠡ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠢᠭᠡᠴᠢ ᠵᠢᠴᠢ ᠠᠵᠢᠯ ᠤᠨ ᠪᠠᠶᠢᠷᠢ ᠶᠢᠨ ᠠᠵᠢᠯ | ᠣᠯᠭᠤᠯᠲᠠ ᠶᠢᠨ ᠳᠠᠳᠤᠯᠭ᠎ᠠ ᠶᠢᠨ ᠨᠢᠭᠡᠴᠢ ᠪᠣᠯ ᠮᠠᠨ ᠤ ᠬᠤᠲᠠ ᠶᠢᠨ ᠬᠠᠷᠢᠶ᠎ᠠ ᠣᠷᠣᠨ ᠳᠤ ᠬᠠᠤᠯᠢ ᠶᠣᠰᠣᠭᠠᠷ | ᠳᠠᠩᠰᠠᠯᠠᠭᠤᠯᠤᠨ ᠪᠠᠶᠢᠭᠤᠯᠤᠭᠰᠠᠨ᠂ ᠬᠠᠮᠢᠶᠠᠷᠤᠯᠲᠠ ᠵᠢᠷᠤᠮᠵᠢᠯ ᠲᠠᠢ᠂ ᠰᠠᠶᠢᠨ ᠰᠠᠶᠢᠬᠠᠨ ᠨᠡᠶᠢᠭᠡᠮ ᠤᠨ ᠢᠲᠡᠭᠡᠯ | ᠬᠦᠨᠳᠦ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠭᠤᠣᠯᠳᠠᠯᠭ᠎ᠠ ᠲᠠᠢ ᠠᠵᠤ ᠠᠬᠤᠶᠢᠯᠠᠯ᠂ | ᠤᠨᠴᠠᠯᠢᠭᠳᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠦᠷᠦᠯ ᠵᠦᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠵᠡᠷᠭᠡ ᠶᠢ | ᠡᠯᠰᠡᠬᠦ ᠶᠢᠨ ᠬᠠᠮᠲᠤ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠱᠠᠭᠠᠷᠳᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠵᠣᠬᠢᠬᠤ ᠲᠣᠭᠠᠨ ᠤ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ | ᠪᠠᠶᠢᠷᠢ ᠬᠠᠩᠭᠠᠵᠤ ᠪᠠᠶᠢᠨ᠎ᠠ᠃ ᠳᠠᠭᠠᠯᠳᠤᠭᠤᠯᠤᠯ ︽2025 ᠣᠨ ᠤ ᠤᠯᠠᠭᠠᠨᠴᠠᠪ ᠬᠤᠲᠠ ᠶᠢᠨ ᠵᠠᠯᠠᠭᠤᠴᠤᠳ ᠤᠨ | ᠠᠵᠢᠯ ᠣᠯᠭᠤᠯᠲᠠ ᠶᠢᠨ ᠳᠠᠳᠤᠯᠭ᠎ᠠ ᠬᠢᠬᠦ ᠠᠵᠢᠯ ᠤᠨ ᠪᠠᠢᠷᠢ ᠶᠢᠨ ᠬᠦᠰᠦᠨᠦᠭᠲᠦ︾ ᠶᠢ ᠨᠠᠷᠢᠨ ᠦᠵᠡ᠃ | ᠬᠤᠶᠠᠷ᠂ ᠳᠠᠳᠤᠯᠭ᠎ᠠ ᠬᠢᠬᠦ ᠬᠥᠮᠦᠰ ᠤᠨ ᠨᠥᠬᠦᠴᠡᠯ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ | ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ 16-24 ᠨᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ᠃ | ᠭᠤᠷᠪᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ︵ᠨᠢᠭᠡ︶ ᠠᠵᠢᠯ ᠣᠯᠵᠤ ᠳᠠᠭᠠᠵᠤ ᠰᠤᠷᠬᠤ ᠬᠤᠭᠤᠴᠠᠭᠠᠨ ᠳᠤ᠂ ᠳᠠᠭᠠᠵᠤ ᠰᠤᠷᠬᠤ ᠨᠢᠭᠡᠴᠡ ᠨᠢ | ᠵᠠᠯᠠᠭᠤᠴᠤᠳ ᠤᠨ ᠠᠵᠢᠯ ᠣᠯᠵᠤ ᠳᠠᠭᠠᠵᠤ ᠰᠤᠷᠬᠤ ᠬᠥᠮᠦᠰ ᠲᠤ ᠬᠡᠰᠡᠭ ᠦᠨᠳᠦᠰᠦᠨ ᠠᠮᠢᠳᠤᠷᠠᠯ ᠤᠨ ᠨᠥᠬᠦᠪᠥᠷᠢ | ᠬᠠᠩᠭᠠᠬᠤ ᠶᠢᠨ ᠬᠠᠮᠲᠤ ᠬᠥᠮᠦᠨ ᠤ ᠪᠡᠶ᠎ᠡ ᠶᠢᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠬᠢᠵᠦ ᠥᠭᠭᠦᠨ᠎ᠡ᠃ | ︵ᠬᠤᠶᠠᠷ︶ ᠵᠠᠯᠠᠭᠤ ᠠᠵᠢᠯ ᠣᠯᠤᠭᠰᠠᠳ ᠢ ᠬᠦᠯᠢᠶᠡᠨ ᠠᠪᠴᠤ ᠠᠵᠢᠯ ᠣᠯᠭᠤᠬᠤ ᠶᠢᠨ ᠳᠠᠭᠠᠵᠤ ᠰᠤᠷᠬᠤ | ᠨᠢᠭᠡᠴᠡ ᠳᠤ ᠠᠵᠢᠯ ᠣᠯᠭᠤᠬᠤ ᠶᠢᠨ ᠳᠠᠭᠠᠵᠤ ᠰᠤᠷᠬᠤ ᠨᠥᠬᠦᠪᠥᠷᠢ ᠣᠯᠭᠤᠬᠤ ᠬᠡᠷᠡᠭᠲᠡᠶ᠃ ᠠᠵᠢᠯ ᠣᠯᠭᠤᠬᠤ ᠶᠢᠨ | ᠳᠠᠭᠠᠵᠤ ᠰᠤᠷᠬᠤ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠭᠠᠵᠠᠷ ᠣᠷᠣᠨ ᠤ | ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 70% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠳᠠᠭᠠᠵᠤ | ᠰᠤᠷᠬᠤ ᠬᠤᠭᠤᠴᠠᠭ᠎ᠠ ᠨᠢ ᠳᠦᠭᠦᠷᠴᠦ ᠦᠯᠡᠳᠡᠭᠡᠨ ᠬᠡᠷᠡᠭᠯᠡᠬᠦ ᠨᠣᠷᠮ᠎ᠠ ᠶᠢ 50% ᠠᠴᠠ ᠳᠡᠭᠡᠭᠰᠢ ᠳᠤ | ᠬᠦᠷᠦᠭᠦᠯᠦᠭᠰᠡᠨ ᠨᠢᠭᠡᠴᠡ ᠳᠤ ᠨᠥᠬᠦᠪᠥᠷᠢ ᠶᠢᠨ ᠪᠠᠷᠢᠮᠵᠢᠶ᠎ᠠ ᠶᠢ 100% ᠲᠤ ᠬᠦᠷᠲᠡᠯ᠎ᠡ ᠳᠡᠭᠡᠭᠰᠢᠯᠡᠭᠦᠯᠵᠦ᠂ | ᠳᠠᠭᠠᠵᠤ ᠰᠤᠷᠬᠤ ᠬᠤᠭᠤᠴᠠᠭ᠎ᠠ ᠨᠢ ᠳᠠᠭᠤᠰᠴᠤ ᠳᠠᠭᠠᠵᠤ ᠰᠤᠷᠬᠤ ᠬᠥᠮᠦᠰ ᠯᠦᠭᠡ ᠬᠥᠳᠡᠯᠮᠦᠷᠢ ᠶᠢᠨ ᠭᠡᠷ᠎ᠡ | ᠲᠣᠭᠲᠠᠭᠰᠠᠨ ᠦᠭᠡᠶ ᠪᠣᠯ ᠦᠯᠡᠳᠡᠭᠰᠡᠨ ᠬᠤᠭᠤᠴᠠᠭᠠᠨ ᠤ ᠳᠠᠭᠠᠵᠤ ᠰᠤᠷᠬᠤ ᠨᠥᠬᠦᠪᠥᠷᠢ ᠣᠯᠭᠤᠬᠤ ᠬᠡᠷᠡᠭᠲᠡᠶ᠃ | ᠳᠠᠭᠠᠵᠤ ᠰᠤᠷᠬᠤ ᠨᠥᠬᠦᠪᠥᠷᠢ ᠶᠢ ᠭᠤᠤᠯᠳᠠᠭᠤ ᠳᠠᠭᠠᠵᠤ ᠰᠤᠷᠬᠤ ᠬᠥᠮᠦᠰ ᠤᠨ ᠳᠠᠭᠠᠵᠤ ᠰᠤᠷᠬᠤ ᠬᠤᠭᠤᠴᠠᠭᠠᠨ ᠤ | ᠦᠨᠳᠦᠰᠦᠨ ᠠᠮᠢᠳᠤᠷᠠᠯ ᠤᠨ ᠵᠠᠷᠤᠳᠠᠯ ᠢ ᠥᠭᠬᠦ ᠳᠤ ᠬᠡᠷᠡᠭᠯᠡᠵᠦ᠂ ᠳᠠᠭᠠᠵᠤ ᠰᠤᠷᠬᠤ ᠬᠥᠮᠦᠰ ᠲᠤ ᠪᠡᠶ᠎ᠡ | ᠮᠠᠬᠠᠪᠣᠳ ᠤᠨ ᠰᠠᠨᠠᠭᠠᠨ ᠳᠤ ᠦᠭᠡᠶ ᠭᠡᠮᠲᠦᠯ ᠤᠨ ᠳᠠᠭᠠᠳᠬᠠᠯ ᠵᠢᠴᠢ ᠳᠠᠭᠠᠵᠤ ᠰᠤᠷᠬᠤ ᠬᠥᠮᠦᠰ ᠢ ᠵᠢᠯᠣᠭᠤᠳᠴᠤ | ᠬᠠᠮᠢᠶᠠᠷᠬᠤ ᠵᠠᠷᠤᠳᠠᠯ ᠬᠢᠵᠦ ᠥᠭᠬᠦ ᠬᠡᠷᠡᠭᠲᠡᠶ᠃ | ︵ᠭᠤᠷᠪᠠ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠨᠢ ᠪᠣᠳᠠᠲᠠᠶᠢᠵᠢᠭᠰᠠᠨ᠂ ᠴᠤᠭᠯᠠᠭᠤᠯᠬᠤ ᠠᠵᠢᠯ ᠤᠨ ᠪᠠᠶᠢᠷᠢ | ᠣᠯᠠᠨ᠂ ᠠᠵᠢᠯ ᠤᠨ ᠪᠠᠶᠢᠷᠢ ᠶᠢᠨ ᠶᠠᠰᠤ ᠴᠢᠨᠠᠷ ᠰᠠᠶᠢᠨ᠂ ᠳᠠᠭᠠᠵᠤ ᠰᠤᠷᠬᠤ ᠬᠤᠭᠤᠴᠠᠭ᠎ᠠ ᠨᠢ ᠳᠦᠭᠦᠷᠦᠭᠰᠡᠨ ᠤ | ᠳᠠᠷᠠᠭ᠎ᠠ ᠦᠯᠡᠳᠡᠭᠡᠵᠦ ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠳᠤ ᠬᠦᠷᠴᠦ ᠳᠡᠶᠢᠯᠬᠦ ᠠᠵᠢᠯ ᠣᠯᠭᠤᠬᠤ ᠶᠢᠨ | ᠳᠠᠭᠠᠵᠤ ᠰᠤᠷᠬᠤ ᠨᠢᠭᠡᠴᠡ ᠨᠢ ᠤᠯᠤᠰ ᠤᠨ ᠲᠠᠰ ᠤᠨ ᠠᠵᠢᠯ ᠣᠯᠭᠤᠬᠤ ᠶᠢᠨ ᠳᠠᠭᠠᠵᠤ ᠰᠤᠷᠬᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠨᠢᠭᠡᠴᠡ ᠶᠢᠨ ᠰᠢᠯᠭᠠᠷᠠᠭᠤᠯᠤᠯᠲᠠ ᠳᠤ ᠣᠷᠣᠯᠴᠠᠬᠤ ᠬᠡᠷᠡᠭᠲᠡᠶ᠃ | ᠳᠥᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠄ ᠵᠠᠯᠠᠭᠤᠴᠤᠳ ᠤᠨ ᠠᠵᠢᠯ ᠤᠯᠬᠤ ᠬᠦᠰᠡᠯ ᠲᠠᠢ | ᠬᠥᠮᠦᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠠᠵᠢᠯ ᠤᠯᠬᠤ ᠳᠠᠭᠠᠵᠤ | ᠰᠤᠷᠬᠤ ᠬᠠᠮᠢᠶᠠᠷᠤᠯᠲᠠ ᠶᠢᠨ ᠰᠢᠰᠲ᠋ᠧᠮ︾ ᠤᠨ https://gx.nmrc.com.cn/#/trainneeLogin | ᠬᠤᠪᠢ ᠬᠥᠮᠦᠨ ᠤ ᠪᠣᠳᠠᠲᠠᠶ ᠪᠠᠶᠢᠳᠠᠯ ᠢ ᠦᠨᠳᠦᠰᠦᠯᠡᠨ ᠠᠵᠢᠯᠲᠠᠨ ᠤ ᠲᠥᠷᠥᠯ ᠢᠯᠭᠠᠯ ︵ᠬᠥᠮᠦᠰ ᠤᠨ | ᠲᠥᠷᠥᠯ ᠢᠯᠭᠠᠯ᠄ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠪᠤᠶᠤ 16 - 24 ᠨᠠᠰᠤᠨ ᠤ ᠠᠵᠢᠯ ᠠᠯᠳᠠᠭᠰᠠᠨ ᠢ ᠳᠠᠩᠰᠠᠯᠠᠭᠤᠯᠤᠭᠰᠠᠨ | ᠵᠠᠯᠠᠭᠤᠴᠤᠳ︶ ᠲᠤ ᠳᠠᠳᠤᠯᠭ᠎ᠠ ᠬᠢᠬᠦ ᠬᠥᠮᠦᠰ ᠳᠠᠩᠰᠠᠯᠠᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠪᠠᠨ ᠦᠨᠡᠨ | ᠪᠣᠳᠠᠲᠠᠶ ᠪᠠᠷ ᠲᠠᠭᠯᠠᠨ ᠪᠢᠴᠢᠵᠦ ᠲᠣᠬᠢᠷᠠᠮᠵᠢᠲᠠᠶ ᠳᠠᠭᠠᠵᠤ ᠰᠤᠷᠬᠤ ᠨᠢᠭᠡᠴᠢ ᠵᠢᠴᠢ ᠠᠵᠢᠯ ᠤᠨ ᠪᠠᠶᠢᠷᠢ ᠶᠢ | ᠰᠣᠩᠭᠤᠵᠤ ᠵᠠᠯᠠᠭᠤᠴᠤᠳ ᠤᠨ ᠠᠵᠢᠯ ᠤᠯᠬᠤ ᠳᠠᠳᠤᠯᠭ᠎ᠠ ᠪᠣᠯᠪᠠᠰᠤᠷᠠᠯ ᠳᠤ ᠣᠷᠣᠯᠴᠠᠭᠤᠯᠬᠤ ᠪᠠᠷ ᠭᠤᠶᠤᠴᠢᠯᠠᠬᠤ | ᠬᠡᠷᠡᠭᠲᠡᠶ᠃ ᠴᠢᠬᠤᠯᠠ ᠰᠠᠨᠠᠭᠤᠯᠬᠤ᠄ ᠳᠠᠳᠤᠯᠭ᠎ᠠ ᠬᠢᠬᠦ ᠬᠥᠮᠦᠰ ᠬᠤᠪᠢ ᠬᠥᠮᠦᠨ ᠤ ᠪᠣᠳᠠᠲᠠᠶ ᠪᠠᠶᠢᠳᠠᠯ ᠢ | ᠦᠨᠳᠦᠰᠦᠯᠡᠨ ᠬᠥᠮᠦᠰ ᠤᠨ ᠲᠥᠷᠥᠯ ᠢᠯᠭᠠᠯ ᠢ ᠦᠨᠡᠨ ᠮᠥᠨ ᠢᠶᠠᠷ ᠨᠢ ᠰᠣᠩᠭᠤᠵᠤ᠂ ᠳᠠᠩᠰᠠᠯᠠᠭᠤᠯᠤᠭᠠᠳ | ᠠᠮᠵᠢᠯᠲᠠ ᠣᠯᠤᠭᠰᠠᠨ ᠬᠥᠮᠦᠰ ᠤᠨ ᠲᠥᠷᠥᠯ ᠢᠯᠭᠠᠯ ᠢ ᠬᠤᠪᠢᠷᠠᠭᠤᠯᠬᠤ ᠶᠢᠨ ᠠᠷᠭ᠎ᠠ ᠥᠬᠡᠶ ᠪᠠᠶᠢᠬᠤ ᠬᠡᠷᠡᠭᠲᠡᠶ᠃ | ︵ᠬᠤᠶᠠᠷ︶ ᠲᠤᠬᠠᠶ ᠶᠢᠨ ᠲᠠᠯᠠᠪᠠᠶ ᠳᠤ ᠨᠡᠷ᠎ᠡ ᠮᠡᠳᠡᠭᠦᠯᠦᠭᠰᠡᠨ | 1. ᠰᠤᠷᠭᠠᠭᠤᠯᠢ ᠠᠴᠠ ᠪᠠᠨ ᠰᠠᠯᠤᠭᠰᠠᠨ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠪᠠᠭᠤᠯᠭᠠᠪᠤᠷᠢ ᠪᠠᠨ ᠠᠪᠠ︔ ᠲᠡᠭᠦᠰᠦᠭᠰᠡᠨ | ᠦᠨᠡᠮᠯᠡᠯ ᠤᠨ ᠤᠭ ᠮᠠᠲ᠋ᠧᠷᠢᠶᠠᠯ᠂ ᠪᠠᠭᠤᠯᠭᠠᠪᠤᠷᠢ᠂ ᠰᠤᠷᠭᠠᠨ ᠬᠥᠮᠦᠵᠢᠯ ᠤᠨ ᠶᠠᠮᠤᠨ ᠤ ᠰᠤᠷᠤᠯᠴᠠᠭᠰᠠᠨ ᠨᠠᠮᠲᠠᠷ ᠤᠨ | ᠦᠨᠡᠮᠯᠡᠯ ᠤᠨ ᠡᠯᠧᠺᠲᠷᠣᠨ ᠢᠶᠠᠷ ᠳᠠᠩᠰᠠᠯᠠᠨ ᠲᠡᠮᠳᠡᠭᠯᠡᠬᠦ ᠬᠦᠰᠦᠨᠦᠭᠲᠦ ︵ᠬᠦᠴᠦᠨ ᠲᠠᠢ ᠬᠤᠭᠤᠴᠠᠭᠠᠨ ᠳᠣᠲᠣᠷ᠎ᠠ︶ | ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠨ ᠦᠨᠡᠮᠰᠢᠭᠰᠡᠨ ᠳᠠᠭᠠᠵᠤ ᠰᠤᠷᠬᠤ ᠨᠢᠭᠡᠴᠡ ᠳᠤ ᠣᠴᠢᠵᠤ ᠵᠠᠯᠠᠭᠤᠴᠤᠳ ᠤᠨ ᠠᠵᠢᠯ ᠣᠯᠬᠤ ᠳᠠᠳᠤᠯᠭ᠎ᠠ | ᠬᠢᠬᠦ ᠳᠤ ᠣᠷᠣᠯᠴᠠᠬᠤ ᠪᠠᠷ ᠭᠤᠶᠤᠴᠢᠯᠠᠬᠤ ᠬᠡᠷᠡᠭᠲᠡᠶ᠃ | 2. 16-24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠲᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ | ᠪᠠᠭᠤᠯᠭᠠᠪᠤᠷᠢ ᠪᠠᠨ ᠠᠪᠴᠤ ᠶᠠᠪᠤᠨ᠎ᠠ︔ ᠠᠵᠢᠯ ᠣᠯᠵᠤ ᠠᠳᠠᠯ ᠦᠢᠯᠡᠰ ᠪᠣᠰᠬᠠᠬᠤ ᠦᠨᠡᠮᠯᠡᠯ᠂ ᠪᠠᠭᠤᠯᠭᠠᠪᠤᠷᠢ ᠶᠢ | ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠬᠦᠷᠴᠦ ᠦᠨᠡᠮᠰᠢᠭᠰᠡᠨ ᠳᠠᠭᠠᠵᠤ ᠰᠤᠷᠬᠤ ᠨᠢᠭᠡᠴᠢ ᠳᠤ ᠭᠤᠶᠤᠴᠢᠯᠠᠨ ᠵᠠᠯᠠᠭᠤᠴᠤᠳ ᠤᠨ ᠠᠵᠢᠯ ᠣᠯᠬᠤ | ᠳᠠᠳᠤᠯᠭ᠎ᠠ ᠬᠢᠬᠦ ᠳᠤ ᠣᠷᠣᠯᠴᠠᠭᠤᠯᠤᠨ᠎ᠠ᠃ | ︵ᠭᠤᠷᠪᠠ︶ ᠲᠤᠰ ᠲᠥᠰᠦᠯ ᠢ ᠨᠡᠶᠢᠲᠡᠯᠡᠭᠰᠡᠨ ᠤ ᠳᠠᠷᠠᠭ᠎ᠠ ᠡᠯ᠎ᠡ ᠳᠠᠳᠤᠯᠭ᠎ᠠ ᠶᠢᠨ ᠨᠢᠭᠡᠴᠡ ᠨᠢ ᠲᠤᠬᠠᠶ ᠶᠢᠨ | ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ | ᠬᠠᠮᠲᠤᠷᠠᠨ ᠨᠡᠷ᠎ᠡ ᠮᠡᠳᠡᠭᠦᠯᠦᠭᠰᠡᠨ ᠬᠥᠮᠦᠰ ᠲᠤ ᠴᠠᠭ ᠲᠤᠬᠠᠶ ᠳᠤᠨᠢ ᠬᠢᠷᠢ ᠭᠡᠮ ᠢ ᠬᠢᠨᠠᠨ ᠬᠠᠷᠭᠤᠭᠤᠯᠬᠤ᠂ | ᠠᠵᠢᠯ ᠤᠨ ᠪᠠᠶᠢᠷᠢ ᠳᠤ ᠭᠠᠷᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠶ᠃ |