4 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ | ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 12 | ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠭᠢᠵᠢᠯᠲᠠ ᠶᠢᠨ ᠭᠡᠰᠢᠭᠦᠳ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ | ᠯᠢᠦ ᠶᠢᠨ ᠲᠤᠤ ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ | ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠳᠤ | ᠪᠦᠬᠦ ᠰᠢᠶᠠᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠤᠨ ᠪᠠᠶᠢᠳᠠᠯ᠂ ᠪᠦᠬᠦ ᠰᠢᠶᠠᠨ ᠤ ᠴᠢᠬᠤᠯᠠ ᠶᠡᠭᠡ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠪᠦᠬᠦ | ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠵᠢᠴᠢ ᠰᠢᠶᠠᠨ ᠤ ᠨᠠᠮ ᠤᠨ | ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2024 ᠣᠨ ᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠰᠢᠶᠠᠨ ᠤ ᠨᠠᠮ ᠤᠨ ᠬᠤᠷᠢᠶᠠᠨ ᠤ | ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2025 ᠣᠨ ᠤ ᠠᠵᠢᠯ ᠤᠨ | ᠭᠤᠣᠯᠳᠠᠯᠭ᠎ᠠ︾ ᠵᠡᠷᠭᠡ ᠶᠢ ᠬᠢᠨᠠᠨ ᠵᠥᠪᠯᠡᠪᠡ᠃ ᠬᠤᠷᠠᠯ ᠠᠴᠠ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ | ᠲᠠᠷᠢᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠯᠠᠭᠤᠴᠤᠳ ᠪᠠᠭᠠᠴᠤᠳ ᠢ ᠭᠤᠣᠯᠳᠠᠯᠭ᠎ᠠ ᠲᠠᠢ | ᠵᠣᠬᠢᠶᠠᠨ ᠪᠠᠶᠢᠭᠤᠯᠤᠨ ᠣᠶᠢᠵᠢᠭᠤᠯᠵᠤ ᠨᠣᠭᠤᠭᠠᠷᠠᠭᠤᠯᠬᠤ ᠳᠤ ᠣᠷᠣᠯᠴᠠᠭᠤᠯᠵᠤ᠂ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠯᠢᠶᠠᠩᠴᠧᠩ ᠰᠢᠶᠠᠨ ᠳᠤ | ᠦᠨᠳᠦᠰᠦᠯᠡᠭᠦᠯᠵᠦ᠂ ᠡᠯᠪᠡᠭ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ᠃ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠢ | ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢ ᠰᠡᠷᠭᠦᠭᠡᠬᠦ | ᠪᠠ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ | ᠲᠣᠭᠲᠠᠪᠤᠷᠢᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠯᠴᠠᠭ᠎ᠠ | ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠬᠥᠳᠡᠯᠦᠩᠭᠦᠢ ᠪᠠᠶᠢᠳᠠᠯ ᠪᠣᠯᠤᠨ ᠡᠭᠦᠷᠭᠡ ᠶᠢᠨ | ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠠᠬᠢᠭᠤᠯᠬᠤ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ | ᠨᠠᠶᠢᠳᠠᠪᠤᠷᠢᠵᠢᠭᠤᠯᠵᠤ᠂ ᠰᠢᠯᠢᠳᠡᠭ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠠᠬᠢᠴᠠ ᠶᠢ | ᠬᠢᠵᠠᠭᠠᠷᠯᠠᠵᠤ ᠪᠠᠶᠢᠭ᠎ᠠ ᠪᠣᠭᠤᠮᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠶᠠᠰᠤ ᠴᠢᠨᠠᠷ ᠪᠣᠯᠤᠨ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠡᠬᠢ ᠡᠭᠦᠰᠦᠯ ᠤᠨ ᠰᠡᠷᠭᠡᠶᠢᠯᠡᠯᠲᠡ ᠶᠢᠨ ᠱᠤᠭᠤᠮ ᠢ | ᠪᠠᠲᠤ ᠰᠠᠬᠢᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠪᠠᠶᠢᠩᠭᠤᠵᠢᠭᠤᠯᠤᠨ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠬᠠᠤᠯᠢ ᠠᠴᠠ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ | ᠠᠭᠤᠯᠭ᠎ᠠ ᠶᠢ ᠬᠢᠨᠠᠨ ᠵᠥᠪᠯᠡᠪᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |